ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠬᠤᠷᠠᠯᠳᠤᠭᠠᠨ ᠪᠤᠯᠪᠠ     | News.MN

ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠬᠤᠷᠠᠯᠳᠤᠭᠠᠨ ᠪᠤᠯᠪᠠ    

ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠠᠽᠢᠶ᠎ᠠ᠂ ᠨᠤᠮᠦᠬᠠᠠ ᠳᠠᠯᠠᠢ ᠶᠢᠨ ᠡᠳ᠋ ᠤᠨ ᠵᠠᠰᠠᠭ᠂ ᠨᠡᠶᠢᠭᠡᠮ ᠤᠨ ᠺᠣᠮᠢᠰ ᠤᠨ ᠬᠤᠳᠠᠯᠳᠤᠭ᠎ᠠ᠂ ᠬᠥᠷᠥᠩᠭᠡ ᠣᠷᠤᠭᠤᠯᠤᠯᠲᠠ᠂ ᠠᠵᠤ ᠠᠬᠤᠢ ᠶᠢᠨ ᠨᠢᠭᠡᠴᠢ᠂ ᠪᠢᠽᠨᠧᠰ ᠤᠨ ᠢᠨᠤᠸᠠᠼ ᠤᠨ ᠬᠤᠷᠢᠶᠠᠨ ᠤ ᠬᠤᠷᠠᠯᠳᠤᠭᠠᠨ ᠢᠶᠠᠷ ᠳᠡᠯᠡᠬᠡᠢ ᠶᠢᠨ ᠳ᠋ᠢᠵᠢᠲ᠋ᠠᠯ ᠡᠳ᠋ ᠤᠨ ᠵᠠᠰᠠᠭ ᠤᠨ ᠬᠥᠭᠵᠢᠯ ᠢ ᠬᠥᠨᠳᠡᠨ ᠬᠡᠯᠡᠯᠴᠡᠵᠦ ᠪᠠᠶᠢᠨ᠎ᠡ᠃
ᠲᠣᠳᠣᠷᠠᠭᠤᠯᠪᠠᠯ᠂  ᠲᠠᠶᠢᠯᠠᠨᠳ᠋ ᠤᠨ ᠪᠠᠩᠺᠤᠺ ᠬᠤᠲᠠᠨ᠎ᠠ ᠡᠨᠡ ᠣᠨ ᠤ 2 ᠳ᠋ᠤᠭᠠᠷ ᠰᠠᠷ᠎ᠠ ᠶᠢᠨ 22-24  ᠳᠤ ᠪᠣᠯᠵᠤ ᠪᠠᠶᠢᠭ᠎ᠠ ᠡᠨᠡ ᠠᠩᠬᠠᠳᠤᠭᠠᠷ ᠬᠤᠷᠠᠯᠳᠤᠭᠠᠨ ᠢᠶᠠᠷ᠄ ᠴᠠᠬᠢᠮ ᠬᠤᠳᠠᠯᠳᠤᠭ᠎ᠠ ᠶᠢ ᠬᠥᠭᠵᠢᠭᠦᠯᠬᠦ᠂ ᠭᠠᠳᠠᠭᠠᠳᠤ ᠶᠢᠨ ᠰᠢᠭᠤᠦᠠ ᠬᠥᠷᠥᠩᠭᠡ ᠣᠷᠤᠭᠤᠯᠤᠯᠲᠠ ᠶᠢ ᠨᠡᠮᠡᠭᠳᠡᠭᠦᠯᠬᠦ᠂ ᠲᠧᠭᠨᠤᠯᠤᠭᠢ᠂ ᠢᠨᠤᠸᠠᠼ ᠨᠡᠪᠲᠡᠷᠡᠭᠦᠯᠵᠦ᠂ ᠡᠳ᠋ ᠤᠨ ᠵᠠᠰᠠᠭ᠂ ᠨᠡᠶᠢᠭᠡᠮ ᠤᠨ ᠠᠰᠠᠭᠤᠳᠠᠯ ᠢ ᠰᠢᠶᠳᠪᠦᠷᠢᠯᠡᠬᠦ ᠲᠠᠯ᠎ᠠ ᠪᠠᠷ ᠬᠡᠯᠡᠯᠴᠡᠵᠦ ᠪᠠᠶᠢᠨ᠎ᠡ᠃
ᠬᠤᠷᠠᠯᠳᠤᠭᠠᠨ ᠳᠤ ᠡᠳ᠋ ᠤᠨ ᠵᠠᠰᠠᠭ᠂ ᠬᠥᠭᠵᠢᠯ ᠤᠨ ᠳᠡᠳ᠋ ᠰᠠᠶᠢᠳ ᠬ᠋᠊ ·ᠲᠦᠪᠲᠡᠨᠳᠣᠷᠵᠢ ᠣᠷᠣᠯᠴᠠᠨ᠂ ᠮᠣᠩᠭᠤᠯ ᠤᠯᠤᠰ  ᠦᠨ ᠡᠳ᠋ ᠤᠨ ᠵᠠᠰᠠᠭ ᠤᠨ ᠥᠰᠦᠯᠲᠡ ᠶᠢ ᠨᠡᠮᠡᠭᠳᠡᠭᠦᠯᠬᠦ᠂ ᠬᠥᠷᠥᠩᠭᠡ ᠣᠷᠤᠭᠤᠯᠤᠯᠲᠠ᠂ ᠲᠥᠷᠦ᠂ ᠬᠤᠪᠢ ᠶᠢᠨ ᠬᠡᠪᠰᠢᠯ ᠤᠨ ᠲᠦᠩᠰᠢᠯᠡᠯ ᠤᠨ ᠲᠠᠭᠠᠲᠠᠢ ᠣᠷᠴᠢᠨ ᠢ ᠪᠦᠷᠢᠳᠦᠭᠦᠯᠬᠦ ᠴᠢᠭᠯᠡᠯ ᠢᠶᠠᠷ ᠬᠡᠷᠡᠭᠵᠢᠭᠦᠯᠵᠦ ᠪᠤᠶ ᠪᠣᠳᠤᠯᠭ᠎ᠠ᠂ ᠦᠶᠯᠡ ᠠᠵᠢᠯᠯᠠᠭᠠᠨ ᠤ ᠲᠠᠯ᠎ᠠ ᠪᠠᠷ ᠲᠠᠨᠢᠯᠴᠠᠭᠤᠯᠤᠯ᠎ᠠ᠃

ᠰᠡᠳᠬᠢᠭᠳᠡᠯ ᠦᠯᠡᠳᠡᠭᠡᠬᠦ