ᠮᠣᠩᠭᠤᠯ᠂ ᠬᠢᠲᠠᠳ ᠤᠨ ᠬᠢᠯᠢ ᠶᠢᠨ ᠬᠠᠪᠢᠷᠭ᠎ᠠ ᠠᠷᠤ ᠬᠠᠰᠢᠶᠠᠲᠤ ᠪᠣᠭᠤᠮᠲᠠ ᠶᠢᠨ ᠵᠣᠷᠴᠢᠭᠴᠢ ᠲᠡᠭᠡᠭᠡᠪᠦᠷᠢ ᠶᠢᠨ ᠬᠥᠳᠡᠯᠭᠡᠭᠡᠨ ᠢ ᠬᠤᠶᠠᠳᠤᠭᠠᠷ ᠰᠠᠷ᠎ᠠ ᠶᠢᠨ 27 ᠤ ᠡᠳᠦᠷ ᠡᠬᠢᠯᠡᠭᠦᠯᠪᠡ᠃ ᠡᠨᠡ ᠡᠳᠦᠷ ᠲᠤᠰ ᠪᠣᠭᠤᠮᠲᠠ ᠪᠠᠷ ᠮᠣᠩᠭᠣᠯ ᠤᠨ ᠲᠠᠯ᠎ᠠ ᠠᠴᠠ ᠨᠢᠭᠡ ᠲᠡᠭᠡᠭᠡᠪᠦᠷᠢ ᠶᠢᠨ ᠬᠡᠷᠡᠭᠰᠡᠯ ᠢᠶᠠᠷ 37 ᠵᠣᠷᠴᠢᠭᠴᠢ᠂ ᠬᠢᠲᠠᠳ ᠤᠨ ᠲᠠᠯ᠎ᠠ ᠠᠴᠠ ᠮᠦᠠ ᠨᠢᠭᠡ ᠲᠡᠭᠡᠭᠡᠪᠦᠷᠢ ᠶᠢᠨ ᠬᠡᠷᠡᠭᠰᠡᠯ ᠢᠶᠠᠷ 12 ᠵᠣᠷᠴᠢᠭᠴᠢ ᠬᠠᠷᠢᠯᠴᠠᠨ ᠵᠣᠷᠴᠢᠵᠤ᠂ ᠨᠡᠭᠦᠷᠡᠰᠦ ᠲᠡᠭᠡᠭᠡᠪᠦᠷᠢ ᠶᠢᠨ ᠲᠣᠮᠤ ᠣᠪᠣᠷ ᠤᠨ 10 ᠠᠦ᠋ᠲ᠋ᠣ᠋ ᠮᠠᠰᠢᠨ ᠨᠡᠪᠲᠡᠷᠡᠯ᠎ᠡ᠃
ᠬᠢᠯᠢ ᠶᠢᠨ ᠬᠥᠳᠡᠯᠭᠡᠭᠡᠨ ᠢ ᠨᠡᠭᠡᠭᠡᠭᠰᠡᠨ ᠤ ᠳᠠᠷᠠᠭ᠎ᠠ ᠬᠤᠶᠠᠷ ᠲᠠᠯ᠎ᠠ ᠶᠢᠨ ᠲᠥᠯᠥᠭᠡᠯᠡᠭᠴᠢᠳ ᠤᠨ ᠠᠵᠢᠯ ᠬᠡᠷᠡᠭ ᠤᠨ ᠠᠭᠤᠯᠵᠠᠯᠲᠠ ᠪᠣᠯᠵᠤ ᠴᠠᠭᠠᠰᠢᠳᠠ ᠶᠢᠨ ᠬᠠᠮᠲᠤ ᠶᠢᠨ ᠠᠵᠢᠯᠯᠠᠭ᠎ᠠ᠂ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠳᠤᠷᠬᠠᠶ ᠠᠰᠠᠭᠤᠳᠠᠯ ᠢᠶᠠᠷ ᠰᠠᠨᠠᠯ ᠰᠣᠯᠢᠯᠴᠠᠵᠠᠢ᠃
Зочин 2023-02-28 104.153.109.16
Сайхан байна