ᠰᠲᠷᠠᠲ᠋ᠧᠭᠢ ᠶᠢᠨ ᠣᠷᠳᠣ 10 ᠬᠤᠪᠢ ᠶᠢ ᠣᠯᠠᠨ ᠨᠡᠶᠢᠲᠡ ᠳᠦ ᠠᠷᠠᠯᠵᠢᠶᠠᠯᠠᠨ᠎ᠠ | News.MN

ᠰᠲᠷᠠᠲ᠋ᠧᠭᠢ ᠶᠢᠨ ᠣᠷᠳᠣ 10 ᠬᠤᠪᠢ ᠶᠢ ᠣᠯᠠᠨ ᠨᠡᠶᠢᠲᠡ ᠳᠦ ᠠᠷᠠᠯᠵᠢᠶᠠᠯᠠᠨ᠎ᠠ

ᠠᠭᠤᠯᠠ ᠠᠭᠤᠷᠬᠠᠢ᠂ ᠬᠦᠨᠳᠦ ᠦᠢᠯᠡᠳᠪᠦᠷᠢ ᠶᠢᠨ ᠶᠠᠮᠤᠨ ᠠᠴᠠ︽ᠠᠰᠢᠭᠲᠤ ᠮᠠᠯᠲᠠᠮᠠᠯ ᠤᠨ ᠲᠤᠬᠠᠢ︾ ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢᠨ ᠲᠥᠰᠥᠯ ᠢ ᠪᠣᠯᠪᠠᠰᠤᠷᠠᠭᠤᠯᠵᠠᠢ᠃ ᠤᠭ ᠬᠠᠤᠯᠢ ᠶᠢᠨ ᠲᠥᠰᠥᠯ ᠳᠦ ᠣᠯᠠᠨ ᠨᠡᠶᠢᠲᠡ  ᠶᠢᠨ ᠰᠠᠨᠠᠯ ᠢ ᠠᠪᠬᠤ ᠠᠵᠢᠯ ᠢ ᠥᠴᠥᠭᠡᠳᠦᠷ ᠡᠴᠡ ᠡᠬᠢᠯᠡᠭᠦᠯᠦᠯ᠎ᠡ᠃

ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢᠨ ᠲᠥᠰᠥᠯ ᠳᠦ ᠄ ᠰᠲᠷᠠᠲ᠋ᠧᠭᠢ ᠶᠢᠨ ᠠᠴᠢ ᠬᠣᠯᠪᠣᠭᠳᠠᠯ ᠪᠦᠬᠦᠢ ᠠᠰᠢᠭᠲᠤ ᠮᠠᠯᠲᠠᠮᠠᠯ ᠤᠨ ᠣᠷᠳᠣ ᠶᠢᠨ ᠠᠰᠢᠭᠯᠠᠯᠲᠠ ᠶᠢᠨ ᠲᠤᠰᠬᠠᠢ ᠵᠥᠪᠰᠢᠶᠡᠷᠡᠯ ᠡᠵᠡᠮᠰᠢᠵᠦ ᠪᠠᠶᠢᠭ᠎ᠠ ᠡᠲᠡᠭᠡᠳ ᠨᠢ ᠬᠤᠪᠢᠴᠠᠭᠠᠨ ᠤ ᠪᠠᠨ ᠠᠷᠪᠠ ᠠᠴᠠ ᠳᠣᠭᠣᠭᠰᠢ ᠦᠭᠡᠢ  ᠬᠤᠪᠢ ᠶᠢ ᠮᠣᠩᠭᠣᠯ ᠤᠨ ᠬᠥᠷᠥᠩᠭᠡ ᠶᠢᠨ ᠪᠢᠷᠵᠢ ᠪᠡᠷ ᠠᠷᠠᠯᠵᠢᠨ᠎ᠠ ᠭᠡᠰᠡᠨ ᠵᠢᠭᠠᠯᠲᠠ ᠣᠷᠣᠭᠤᠯᠵᠠᠢ᠃ ᠰᠲᠷᠠᠲ᠋ᠧᠭᠢ ᠶᠢᠨ ᠠᠴᠢ ᠬᠣᠯᠪᠣᠭᠳᠠᠯ ᠪᠦᠬᠦ ᠣᠷᠳᠣ ᠶᠢᠨ ᠵᠢᠭᠰᠠᠭᠠᠯᠲᠠ ᠳᠤ 15 ᠣᠷᠳᠣ ᠪᠠᠭᠲᠠᠳᠠᠭ᠃ ᠮᠥᠨ 30 ᠭᠠᠷᠤᠢ ᠣᠷᠳᠣ ᠶᠢ ᠨᠡᠮᠡᠵᠦ ᠰᠲᠷᠠᠲ᠋ᠧᠭᠢ ᠶᠢᠨ ᠤᠷᠳᠤ ᠳᠤ ᠬᠠᠮᠤᠷᠤᠭᠤᠯᠬᠤ ᠪᠠᠷ ᠰᠤᠳᠤᠯᠤᠭᠠᠳ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ