ᠭ ∙ ᠽᠠᠨᠳᠠᠨᠰᠢᠲᠠᠷ᠎ᠠ ᠶᠠᠫᠣᠨ ᠤᠯᠤᠰ ᠤᠨ ᠶᠡᠷᠦᠩᠬᠡᠢ ᠰᠠᠶᠢᠳ ᠹ ∙ ᠺᠢᠰᠢᠳᠠ ᠲᠠᠢ ᠠᠭᠤᠯᠵᠠᠯ᠎ᠠ | News.MN

ᠭ ∙ ᠽᠠᠨᠳᠠᠨᠰᠢᠲᠠᠷ᠎ᠠ ᠶᠠᠫᠣᠨ ᠤᠯᠤᠰ ᠤᠨ ᠶᠡᠷᠦᠩᠬᠡᠢ ᠰᠠᠶᠢᠳ ᠹ ∙ ᠺᠢᠰᠢᠳᠠ ᠲᠠᠢ ᠠᠭᠤᠯᠵᠠᠯ᠎ᠠ

ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ ᠶᠠᠫᠣᠨ ᠤᠯᠤᠰ ᠲᠤ ᠬᠢᠵᠦ ᠪᠤᠢ ᠠᠯᠪᠠᠨ ᠶᠣᠰᠣᠨ ᠤ ᠠᠶᠢᠯᠴᠢᠯᠠᠯ ᠤᠨ ᠬᠦᠷᠢᠶᠡᠨ ᠳᠦ ᠥᠴᠥᠭᠡᠳᠦᠷ︵2023.03.03︶ᠶᠠᠫᠣᠨ ᠤᠯᠤᠰ ᠤᠨ ᠶᠡᠷᠦᠩᠬᠡᠢ ᠰᠠᠶᠢᠳ ᠹ∙ᠺᠢᠰᠢᠳᠠ ᠲᠠᠢ ᠠᠭᠤᠯᠵᠠᠯ᠎ᠠ᠃
ᠠᠭᠤᠯᠵᠠᠯᠲᠠ ᠶᠢᠨ ᠡᠬᠢᠨ ᠳᠦ ᠶᠠᠫᠣᠨ ᠤᠯᠤᠰ ᠤᠨ ᠶᠡᠷᠦᠩᠬᠡᠢ ᠰᠠᠶᠢᠳ ᠹ∙ᠺᠢᠰᠢᠳᠠ ᠄ ᠥᠩᠭᠡᠷᠡᠭᠰᠡᠨ ᠣᠨ ᠳᠤ ᠮᠠᠨ ᠤ ᠬᠣᠶᠠᠷ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠲᠣᠬᠢᠶᠠᠭᠰᠠᠨ᠃ ᠪᠢᠳᠡ ᠶᠠᠫᠣᠨ᠂ ᠮᠣᠩᠭᠣᠯ ᠤᠨ ᠬᠠᠷᠢᠯᠴᠠᠭ᠎ᠠ ᠶᠢ ᠭᠦᠨᠵᠡᠭᠡᠶᠢᠷᠡᠭᠦᠯᠬᠦ᠂ ᠠᠷᠠᠳ ᠲᠦᠮᠡᠨ ᠦ ᠨᠠᠶᠢᠷᠠᠮᠳᠠᠯ᠂ ᠨᠥᠬᠥᠷᠯᠡᠯ ᠢ ᠪᠡᠬᠢᠵᠢᠭᠦᠯᠬᠦ᠂ ᠬᠠᠭᠠᠰ ᠵᠠᠭᠤᠨ ᠵᠢᠯ ᠦᠨ ᠬᠠᠮᠲᠤ ᠶᠢᠨ ᠠᠵᠢᠯᠯᠠᠭ᠎ᠠ ᠶᠢ ᠳ᠋ᠦᠩᠨᠡᠵᠦ᠂ ᠢᠷᠡᠬᠦ 50 ᠵᠢᠯ ᠳᠦ ᠬᠥᠭᠵᠢᠭᠦᠯᠬᠦ ᠬᠡᠲᠦ ᠶᠢᠨ ᠲᠥᠯᠥᠪ᠂ ᠴᠢᠭᠯᠡᠯ ᠢ ᠲᠣᠳᠣᠷᠬᠠᠶᠢᠯᠠᠬᠤ ᠳᠤ ᠴᠢᠬᠤᠯᠠ ᠠᠴᠢ ᠬᠣᠯᠪᠣᠭᠳᠠᠯ ᠥᠭᠴᠦ ᠪᠠᠶᠢᠭ᠎ᠠ ᠬᠡᠮᠡᠨ ᠣᠨᠴᠠᠯᠠᠨ ᠲᠡᠮᠳᠡᠭᠯᠡᠪᠡ᠃
ᠭ ∙ ᠽᠠᠨᠳᠠᠨᠰᠢᠲᠠᠷ᠎ᠠ᠄ ᠮᠣᠩᠭᠣᠯ ᠤᠯᠤᠰ ᠵᠠᠬ᠎ᠠ ᠵᠡᠭᠡᠯᠢ ᠶᠢᠨ ᠡᠳ᠋ ᠦᠨ ᠵᠠᠰᠠᠭ ᠤᠨ ᠰᠢᠯᠵᠢᠯᠲᠡ ᠶᠢ ᠳᠠᠪᠠᠨ ᠲᠤᠭᠤᠯᠬᠤ ᠦᠶ᠎ᠡ ᠳᠦ ᠶᠠᠫᠣᠨ ᠤᠯᠤᠰ ᠤᠨ ᠵᠠᠰᠠᠭ ᠤᠨ ᠭᠠᠵᠠᠷ᠂ ᠠᠷᠠᠳ ᠲᠦᠮᠡᠨ ᠦ ᠦᠵᠡᠭᠦᠯᠦᠭᠰᠡᠨ ᠲᠤᠰᠠᠯᠠᠮᠵᠢ᠂ ᠦᠨᠡᠲᠡᠢ ᠬᠤᠪᠢ ᠨᠡᠮᠡᠷᠢ ᠳᠦ ᠪᠢᠳᠡ ᠢᠮᠠᠭᠲᠠ ᠲᠠᠯᠠᠷᠬᠠᠯ ᠲᠠᠢ ᠪᠠᠷ ᠬᠠᠨᠳᠤᠳᠠᠭ᠃ ᠪᠥᠰᠡ ᠨᠤᠲᠤᠭ ᠤᠨ ᠰᠲᠷᠠᠲ᠋ᠧᠭᠢ ᠶᠢᠨ ᠳᠣᠲᠣᠨᠣ ᠲᠦᠩᠰᠢ᠂ ᠠᠷᠠᠳᠴᠢᠯᠠᠯ᠂ ᠬᠦᠮᠦᠨ ᠦ ᠡᠷᠬᠡ᠂ ᠡᠷᠬᠡ ᠴᠢᠯᠦᠭᠡ ᠶᠢ ᠡᠷᠬᠢᠮᠯᠡᠭᠰᠡᠨ ᠨᠡᠶᠢᠲᠡᠯᠢᠭ ᠦᠨᠡᠲᠦ ᠵᠦᠢᠯᠡᠰ ᠪᠦᠬᠦᠢ 《ᠭᠤᠷᠪᠠᠳᠠᠭᠴᠢ ᠬᠥᠷᠰᠢ》ᠶᠠᠫᠣᠨ ᠤᠯᠤᠰ ᠲᠠᠢ ᠨᠠᠶᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠬᠥᠭᠵᠢᠭᠦᠯᠬᠦ ᠨᠢ ᠮᠣᠩᠭᠣᠯ ᠤᠯᠤᠰ ᠤᠨ ᠭᠠᠳᠠᠭᠠᠳᠤ ᠪᠣᠳᠣᠯᠭ᠎ᠠ ᠶᠢᠨ ᠲᠡᠷᠢᠭᠦᠯᠡᠬᠦ ᠴᠢᠭᠯᠡᠯ ᠦᠨ ᠨᠢᠭᠡ ᠪᠥᠭᠡᠳ ᠡᠭᠦᠨ ᠳᠦ ᠮᠣᠩᠭᠣᠯ ᠤᠯᠤᠰ ᠤᠨ ᠶᠡᠬᠡ ᠬᠤᠷᠠᠯ ᠥᠨᠳᠥᠷ ᠠᠴᠢ ᠬᠣᠯᠪᠣᠭᠳᠠᠯ ᠥᠭᠳᠡᠭ᠃ ᠡᠶᠢᠮᠦ ᠳᠦ ᠬᠣᠶᠠᠷ ᠣᠷᠣᠨ ᠤ ᠨᠠᠶᠢᠷᠰᠠᠭ ᠬᠠᠷᠢᠯᠴᠠᠭ᠎ᠠ ᠶᠢ ᠥᠷᠭᠡᠵᠢᠭᠦᠯᠦᠨ ᠬᠥᠭᠵᠢᠭᠦᠯᠬᠦ ᠳᠦ ᠶᠠᠫᠣᠨ ᠤᠯᠤᠰ ᠤᠨ ᠶᠡᠷᠦᠩᠬᠡᠢ ᠰᠠᠶᠢᠳ ᠹ ∙ ᠺᠢᠰᠢᠳᠠ ᠲᠠᠨ ᠢ ᠳᠡᠮᠵᠢᠨ ᠠᠵᠢᠯᠯᠠᠬᠤ ᠶᠢ ᠬᠦᠰᠡᠶ᠎ᠡ ᠭᠡᠯ᠎ᠡ᠃

ᠰᠡᠳᠬᠢᠭᠳᠡᠯ ᠦᠯᠡᠳᠡᠭᠡᠬᠦ