ᠦᠨᠳᠦᠰᠦᠨ ᠤ ᠰᠲ᠋ᠠᠲ᠋ᠢᠰᠲ᠋ᠢᠺ ᠤᠨ ᠬᠤᠷᠢᠶᠠᠨ ᠠᠴᠠ ᠮᠣᠩᠭᠤᠯ ᠤᠯᠤᠰ ᠤᠨ ᠨᠡᠶᠢᠭᠡᠮ᠂ ᠡᠳ᠋ ᠤᠨ ᠵᠠᠰᠠᠭ ᠤᠨ ᠲᠣᠭᠠᠨ ᠮᠡᠳᠡᠭᠡᠯᠡᠯ ᠢ ᠲᠠᠨᠢᠯᠴᠠᠭᠤᠯᠤᠯ᠎ᠠ᠃ ᠮᠠᠨ ᠤ ᠤᠯᠤᠰ ᠡᠨᠡ ᠣᠨ ᠤ ᠨᠢᠭᠡᠳᠦᠭᠡᠷ ᠰᠠᠷ᠎ᠠ ᠳᠤ ᠨᠡᠶᠢᠲᠡ 107 ᠤᠯᠤᠰ ᠲᠠᠢ ᠬᠤᠳᠠᠯᠳᠤᠭ᠎ᠠ ᠬᠢᠵᠡᠢ᠃ ᠭᠠᠳᠠᠭᠠᠳᠤ ᠬᠤᠳᠠᠯᠳᠤᠭᠠᠨ ᠤ ᠨᠡᠶᠢᠲᠡ ᠪᠠᠷᠠᠭ᠎ᠠ ᠡᠷᠭᠢᠯᠲᠡ 1.8 ᠲᠡᠷᠪᠤᠮ ᠳ᠋ᠣᠯᠯᠠᠷ᠂ ᠡᠭᠦᠨ ᠠᠴᠠ ᠡᠺᠰᠫᠣᠷᠲ 1.1 ᠲᠡᠷᠪᠤᠮ ᠳ᠋ᠣᠯᠯᠠᠷ᠂ ᠢᠮᠫᠣᠷᠲ 688 ᠰᠠᠶ᠎ᠠ ᠳ᠋ᠣᠯᠯᠠᠷ ᠪᠠᠶᠢᠨ᠎ᠡ᠃
ᠲᠡᠭᠦᠨᠴᠢᠯᠡᠨ ᠭᠠᠳᠠᠭᠠᠳᠤ ᠬᠤᠳᠠᠯᠳᠤᠭᠠᠨ ᠤ ᠲᠡᠩᠴᠡᠯ 389.7 ᠰᠠᠶ᠎ᠠ ᠳ᠋ᠣᠯᠯᠠᠷ ᠤᠨ ᠠᠰᠢᠭ ᠲᠠᠢ ᠭᠠᠷᠤᠭᠰᠠᠨ ᠪᠠᠶᠢᠨ᠎ᠡ᠃ ᠡᠨᠡ ᠨᠢ ᠡᠮᠦᠨᠡᠬᠢ ᠣᠨ ᠤ ᠮᠦᠠ ᠦᠶ᠎ᠡ ᠠᠴᠠ 406.6 ᠰᠠᠶ᠎ᠠ ᠳ᠋ᠣᠯᠯᠠᠷ ᠢᠶᠠᠷ ᠥᠰᠴᠦ᠂ ᠡᠮᠦᠨᠡᠬᠢ ᠰᠠᠷ᠎ᠠ ᠠᠴᠠ 172.9 ᠰᠠᠶ᠎ᠠ ᠳ᠋ᠣᠯᠯᠠᠷ ᠢᠶᠠᠷ ᠪᠠᠭᠤᠷᠠᠵᠠᠢ᠃ ᠨᠡᠶᠢᠲᠡ ᠪᠠᠷᠠᠭ᠎ᠠ ᠡᠷᠭᠢᠯᠲᠡ ᠡᠮᠦᠨᠡᠬᠢ ᠣᠨ ᠤ ᠮᠦᠠ ᠦᠶ᠎ᠡ ᠠᠴᠠ 61.1 ᠬᠤᠪᠢ ᠪᠠᠷ ᠥᠰᠦᠭᠰᠡᠨ᠃ ᠡᠭᠦᠨ ᠳᠤ ᠡᠺᠰᠫᠣᠷᠲ 99.7 ᠬᠤᠪᠢ ᠪᠠᠷ᠂ ᠢᠮᠫᠣᠷᠲ 23.6 ᠬᠤᠪᠢ ᠪᠠᠷ ᠨᠡᠮᠡᠭᠳᠡᠭᠰᠡᠨ ᠨᠢ ᠨᠥᠯᠥᠭᠡᠯᠡᠭᠰᠡᠨ ᠪᠠᠶᠢᠨ᠎ᠡ᠃