ᠮᠣᠩᠭᠤᠯ ᠤᠯᠤᠰ ᠴᠥᠯᠵᠢᠯᠲᠡ ᠲᠠᠢ ᠲᠡᠮᠡᠴᠡᠬᠦ ᠺᠣᠨ᠋ᠸᠧᠨ᠋ᠼ ᠤᠨ ᠲᠠᠯ᠎ᠠ ᠨᠤᠭᠤᠳ ᠤᠨ 17 ᠳ᠋ᠤᠭᠠᠷ ᠪᠠᠭ᠎ᠠ ᠬᠤᠷᠠᠯ ᠢ 2026 ᠣᠨ ᠳᠤ ᠡᠬᠡ ᠣᠷᠣᠨ ᠳᠤ ᠪᠠᠨ ᠵᠣᠬᠢᠶᠠᠨ ᠪᠠᠶᠢᠭᠤᠯᠤᠨ᠎ᠠ᠃ ᠵᠠᠰᠠᠭ ᠤᠨ ᠭᠠᠵᠠᠷ ᠤᠨ ᠥᠨᠥᠳᠥᠷ ᠤᠨ ᠡᠭᠡᠯᠵᠢᠲᠦ ᠪᠤᠰᠤ ᠬᠤᠷᠠᠯᠳᠤᠭᠠᠨ ᠠᠴᠠ ᠲᠤᠰ ᠬᠤᠷᠠᠯ ᠢ ᠬᠥᠰᠢᠭᠡ ᠶᠢᠨ ᠬᠥᠨᠳᠡᠢ ᠳᠤ ᠵᠣᠬᠢᠶᠠᠨ ᠪᠠᠶᠢᠭᠤᠯᠬᠤ ᠰᠢᠢᠳᠪᠦᠷᠢ ᠭᠠᠷᠭᠠᠪᠠ᠃
ᠶᠡᠷᠦᠩᠬᠡᠶᠢᠯᠡᠭᠴᠢ ᠤ᠊ · ᠬᠦᠷᠡᠯᠰᠦ᠋ᠬᠡ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠰᠠᠭᠤᠷᠢ ᠺᠣᠨ᠋ᠸᠧᠨ᠋ᠼ ᠲᠤ ᠨᠢᠭᠡᠳᠦᠨ ᠣᠷᠣᠭᠰᠠᠨ ᠲᠠᠯ᠎ᠠ ᠨᠤᠭᠤᠳ ᠤᠨ 26 ᠳ᠋ᠤᠭᠠᠷ ᠪᠠᠭ᠎ᠠ ᠬᠤᠷᠠᠯ ᠳᠤ ᠣᠷᠣᠯᠴᠠᠭᠰᠠᠨ ᠤ ᠮᠥᠷ ᠢᠶᠠᠷ ᠵᠠᠰᠠᠭ ᠤᠨ ᠭᠠᠵᠠᠷ ᠠᠴᠠ ᠬᠦᠰᠡᠯᠲᠡ ᠭᠠᠷᠭᠠᠭᠰᠠᠨ ᠤ ᠳᠠᠭᠠᠤ ᠴᠥᠯᠵᠢᠯᠲᠡ ᠲᠠᠢ ᠲᠡᠮᠡᠴᠡᠬᠦ ᠺᠣᠨ᠋ᠸᠧᠨ᠋ᠼ ᠤᠨ ᠲᠠᠯ᠎ᠠ ᠨᠤᠭᠤᠳ ᠤᠨ 17 ᠳ᠋ᠤᠭᠠᠷ ᠪᠠᠭ᠎ᠠ ᠬᠤᠷᠠᠯ ᠢ ᠮᠣᠩᠭᠤᠯ ᠳᠤ ᠵᠣᠬᠢᠶᠠᠨ ᠪᠠᠶᠢᠭᠤᠯᠬᠤ ᠰᠢᠢᠳᠪᠦᠷᠢ ᠭᠠᠷᠭᠠᠭᠤᠯᠤᠭᠰᠠᠨ ᠪᠢᠯᠡ᠃