ᠮᠣᠩᠭᠣᠯ ᠤᠨ ᠰᠡᠳᠬᠦᠯ ᠵᠦᠢ ᠶᠢᠨ ᠨᠡᠪᠲᠡᠷᠬᠡᠢ ᠲᠣᠯᠢ ᠶᠢ ᠪᠦᠲᠦᠭᠡᠨ᠎ᠡ | News.MN

ᠮᠣᠩᠭᠣᠯ ᠤᠨ ᠰᠡᠳᠬᠦᠯ ᠵᠦᠢ ᠶᠢᠨ ᠨᠡᠪᠲᠡᠷᠬᠡᠢ ᠲᠣᠯᠢ ᠶᠢ ᠪᠦᠲᠦᠭᠡᠨ᠎ᠡ

1913 ᠣᠨ ᠤ ᠭᠤᠷᠪᠠᠳᠤᠭᠠᠷ ᠰᠠᠷ᠎ᠠ ᠶᠢᠨ ᠵᠢᠷᠭᠤᠭᠠᠨ ᠳᠤ︽ᠰᠢᠨ᠎ᠡ ᠲᠣᠯᠢ ᠭᠡᠮᠡᠬᠦ ᠪᠢᠴᠢᠭ︾ᠰᠣᠨᠢᠨ ᠠᠩᠬᠠᠨ ᠤ ᠳᠤᠭ ᠭᠠᠷᠭᠠᠭᠰᠠᠨ ᠨᠢ ᠮᠣᠩᠭᠣᠯ ᠤᠨ ᠭᠡᠪᠯᠡᠯ ᠮᠡᠳᠡᠭᠡᠯᠡᠯ ᠤᠨ ᠰᠠᠯᠪᠤᠷᠢ ᠶᠢᠨ ᠠᠩᠬᠠᠨ ᠤ ᠰᠠᠭᠤᠷᠢ ᠪᠠᠶᠢᠪᠠ᠃ ᠡᠨᠡ ᠬᠦ ᠰᠣᠨᠢᠨ ᠤ ᠡᠷᠬᠢᠯᠡᠭᠴᠢ ᠪᠠᠷ ᠶᠡᠭᠡ ᠰᠣᠶᠣᠨ ᠭᠡᠭᠡᠷᠡᠭᠦᠯᠦᠭᠴᠢ ᠵᠠᠮᠰᠠᠷᠠᠩ ᠤᠨ ᠴᠡᠸᠡᠨ ᠠᠵᠢᠯᠯᠠᠵᠤ ᠪᠠᠶᠢᠭᠰᠠᠨ ᠶᠤᠮ᠃ ᠲᠡᠭᠦᠨ ᠢ ᠮᠣᠩᠭᠣᠯ ᠤᠨ ᠰᠡᠳᠬᠦᠯ ᠵᠦᠢ ᠶᠢᠨ ᠰᠠᠯᠪᠤᠷᠢ ᠶᠢ ᠦᠡᠳᠦᠰᠦᠯᠡᠭᠴᠢ ᠬᠡᠮᠡᠨ ᠲᠡᠦᠬᠡᠨ ᠡᠬᠢ ᠰᠤᠷᠪᠤᠯᠵᠢ ᠨᠤᠭᠤᠳ ᠦᠵᠡᠳᠡᠭ᠃ ᠡᠨᠡ ᠡᠳᠦᠷ ᠢ 1993 ᠣᠨ ᠳᠤ ᠪᠣᠯᠣᠭᠰᠠᠨ ᠰᠡᠳᠬᠦᠯᠴᠢᠳ ᠤᠨ ᠶᠡᠭᠡ ᠬᠤᠷᠠᠯ ᠢᠶᠠᠷ ᠳᠡᠮᠵᠢᠵᠦ᠂︽ᠰᠡᠳᠬᠦᠯᠴᠢᠳ ᠤᠨ ᠡᠳᠦᠷ︾ᠪᠣᠯᠭᠠᠵᠠᠢ᠃

ᠡᠨᠡ ᠡᠳᠦᠷ ᠢ ᠲᠣᠬᠢᠶᠠᠯᠳᠤᠭᠤᠯᠤᠨ ᠥᠨᠥᠳᠥᠷ ᠮᠤᠩᠭᠤᠯ ᠤᠨ ᠰᠡᠳᠭᠦᠯᠴᠢᠳ ᠦᠨ ᠡᠪᠯᠡᠯ ᠦᠨ ᠰᠠᠯᠪᠤᠷᠢ ᠵᠥᠪᠯᠡᠯ ᠤᠨ ᠲᠡᠷᠢᠬᠦᠠ ᠨᠠᠷ ᠢ ᠪᠠᠲᠤᠯᠠᠮᠵᠢᠯᠠᠬᠤ ᠬᠠᠷᠢᠭᠤᠴᠠᠯᠭ᠎ᠠ ᠶᠢᠨ ᠭᠡᠷ᠎ᠡ ᠳᠤ ᠭᠠᠷ ᠤᠨ ᠦᠰᠦᠭ ᠵᠢᠷᠤᠬᠤ ᠶᠣᠰᠣᠯᠠᠯ ᠪᠣᠯᠪᠠ᠃ ᠡᠨᠡ ᠦᠶ᠎ᠡ ᠪᠠᠷ   ᠮᠣᠩᠭᠣᠯ ᠤᠨ ᠰᠡᠳᠬᠦᠯ ᠵᠦᠢ ᠶᠢᠨ  ᠲᠡᠦᠬᠡ ᠶᠢᠨ ᠨᠡᠪᠲᠡᠷᠬᠡᠢ ᠲᠣᠯᠢ ᠪᠦᠲᠦᠭᠡᠬᠦ ᠲᠠᠯ᠎ᠠ ᠪᠠᠷ ᠮᠡᠳᠡᠭᠳᠡᠪᠡ᠃

ᠰᠡᠳᠬᠢᠭᠳᠡᠯ ᠦᠯᠡᠳᠡᠭᠡᠬᠦ