ᠡᠮᠡᠭᠳᠡᠢ ᠭᠠᠳᠠᠭᠠᠳᠤ ᠬᠡᠷᠡᠭ ᠤᠨ ᠰᠠᠶᠢᠳ ᠨᠠᠷ ᠤᠯᠠᠭᠠᠨᠪᠠᠭᠠᠲᠤᠷ ᠲᠤ ᠠᠭᠤᠯᠵᠠᠨ᠎ᠠ | News.MN

ᠡᠮᠡᠭᠳᠡᠢ ᠭᠠᠳᠠᠭᠠᠳᠤ ᠬᠡᠷᠡᠭ ᠤᠨ ᠰᠠᠶᠢᠳ ᠨᠠᠷ ᠤᠯᠠᠭᠠᠨᠪᠠᠭᠠᠲᠤᠷ ᠲᠤ ᠠᠭᠤᠯᠵᠠᠨ᠎ᠠ

ᠰᠡᠭᠦᠯ ᠤᠨ ᠵᠢᠯ ᠤᠳ ᠲᠤ ᠹᠧᠮᠢᠨᠢᠰᠲ ᠭᠠᠳᠠᠭᠠᠳᠤ ᠪᠣᠳᠣᠯᠭ᠎ᠠ ᠶᠢᠨ ᠦᠵᠡᠯ ᠪᠠᠷᠢᠮᠲᠠᠯᠠᠯ ᠲᠠᠢ ᠤᠯᠤᠰ ᠣᠷᠣᠨ ᠨᠤᠭᠤᠳ ᠤᠯᠠᠮ ᠨᠡᠮᠡᠭᠳᠡᠵᠦ ᠪᠠᠶᠢᠨ᠎ᠡ᠃ ᠡᠨᠡ ᠦᠵᠡᠯ ᠪᠠᠷᠢᠮᠲᠠᠯᠠᠯ ᠰᠸᠧᠳ᠋ᠸᠠ ᠤᠯᠤᠰ ᠲᠤ ᠠᠩᠬ᠎ᠠ ᠡᠭᠦᠰᠴᠦ᠂  ᠲᠤᠰ ᠤᠯᠤᠰ ᠤᠨ ᠭᠠᠳᠠᠭᠠᠳᠤ ᠬᠡᠷᠡᠭ ᠤᠨ ᠰᠠᠶᠢᠳ  ᠮᠠᠷᠭᠤ᠋ ᠸᠠᠯᠯᠧᠰᠲᠷᠤᠮ ᠳᠡᠯᠡᠬᠡᠢ ᠶᠢᠨ ᠠᠩᠬᠠᠨ ᠤ ᠹᠧᠮᠢᠨᠢᠰᠲ ᠭᠠᠳᠠᠭᠠᠳᠤ ᠪᠣᠳᠣᠯᠭ᠎ᠠ ᠶᠢ 2014 ᠣᠨ ᠳᠤ ᠲᠠᠨᠢᠯᠴᠠᠭᠤᠯᠤᠭᠰᠠᠨ᠃ ᠡᠳᠦᠭᠡ ᠢᠰᠫᠡᠨᠢ᠂  ᠺᠠᠨᠠᠳᠠ᠂ ᠯᠢᠪᠢᠶ᠎ᠠ᠂ ᠯᠦᠺᠰᠧᠮᠪᠦ᠋ᠷᠡᠭ᠂  ᠮᠧᠺᠰᠢᠺᠤ᠂  ᠨᠣᠷᠸᠧᠭᠢ᠂ ᠹᠷᠠᠨᠼᠢ᠂ ᠰᠸᠧᠳ᠋ᠸᠠ᠂ ᠭᠧᠷᠮᠡᠠ ᠵᠡᠷᠭᠡ ᠣᠯᠠᠨ  ᠤᠯᠤᠰ ᠣᠷᠣᠨ ᠹᠧᠮᠢᠨᠢᠰᠲ ᠭᠠᠳᠠᠭᠠᠳᠤ ᠪᠣᠳᠣᠯᠭ᠎ᠠ ᠶᠢ ᠬᠡᠷᠡᠭᠵᠢᠭᠦᠯᠵᠦ ᠪᠠᠶᠢᠨ᠎ᠡ᠃
ᠹᠧᠮᠢᠨᠢᠰᠲ ᠭᠠᠳᠠᠭᠠᠳᠤ ᠪᠣᠳᠣᠯᠭ᠎ᠠ ᠲᠠᠢ ᠣᠷᠣᠨ ᠨᠤᠭᠤᠳ ᠬᠦᠢᠰᠦ ᠶᠢᠨ ᠲᠡᠭᠰᠢ ᠪᠠᠶᠢᠳᠠᠯ᠂ ᠡᠮᠡᠭᠲᠡᠶᠢᠴᠦᠳ ᠢ ᠴᠢᠳᠠᠪᠬᠢᠵᠢᠭᠤᠯᠬᠤ᠂ ᠲᠡᠳᠡᠨ ᠤ ᠡᠷᠬᠡ ᠶᠢ ᠬᠠᠮᠠᠭᠠᠯᠠᠬᠤ ᠳᠤ ᠴᠢᠭᠯᠡᠭᠰᠡᠨ ᠲᠥᠰᠥᠪ᠂ ᠬᠥᠷᠥᠩᠭᠡ ᠶᠢ ᠨᠡᠮᠡᠭᠳᠡᠭᠦᠯᠬᠦ ᠳᠤ ᠴᠢᠭᠯᠡᠭᠰᠡᠨ ᠣᠯᠠᠨ ᠤᠯᠤᠰ ᠤᠨ ᠪᠣᠳᠤᠯᠭ᠎ᠠ ᠬᠡᠷᠡᠭᠵᠢᠭᠦᠯᠳᠡᠭ᠃
ᠮᠣᠩᠭᠤᠯ ᠤᠯᠤᠰ ᠦᠨᠳᠦᠰᠦᠨ ᠤ ᠬᠡᠮᠵᠢᠶᠡᠨ ᠳᠤ ᠬᠦᠢᠰᠦ ᠶᠢᠨ ᠲᠡᠭᠰᠢ ᠪᠠᠶᠢᠳᠠᠯ ᠢ ᠬᠠᠩᠭᠠᠬᠤ ᠪᠣᠳᠤᠯᠭ᠎ᠠ᠂ ᠦᠶᠯᠡ ᠠᠵᠢᠯᠯᠠᠭ᠎ᠠ ᠶᠢ  ᠲᠤᠤᠱᠲᠠᠢ ᠬᠡᠷᠡᠭᠵᠢᠭᠦᠯᠬᠦ ᠶᠢᠨ ᠰᠠᠴᠠᠭᠤ ᠣᠯᠠᠨ ᠤᠯᠤᠰ ᠤᠨ ᠲᠦᠪᠰᠢᠨ ᠳᠤ ᠹᠧᠮᠢᠨᠢᠰᠲ ᠭᠠᠳᠠᠭᠠᠳᠤ ᠪᠣᠳᠣᠯᠭ᠎ᠠ ᠶᠢ ᠪᠠᠷᠢᠮᠲᠠᠯᠠᠨ ᠥᠬᠢᠳ᠂ ᠡᠮᠡᠭᠲᠡᠶᠢᠴᠦᠳ ᠤᠨ ᠡᠷᠬᠡ ᠶᠢ ᠬᠠᠮᠠᠭᠠᠯᠠᠬᠤ ᠳᠤ ᠴᠢᠭᠯᠡᠭᠰᠡᠨ ᠰᠠᠨᠠᠯ ᠰᠠᠨᠠᠭᠠᠴᠢᠯᠠᠭ᠎ᠠ ᠨᠤᠭᠤᠳ ᠢ ᠳᠡᠮᠵᠢᠵᠦ᠂  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠡᠩᠬᠡ ᠶᠢ ᠰᠠᠬᠢᠭᠤᠯᠬᠤ ᠠᠵᠢᠯᠯᠠᠭᠠᠨ ᠳᠤ ᠣᠷᠣᠯᠴᠠᠵᠤ ᠪᠤᠶ ᠡᠮᠡᠭᠲᠡᠶᠢᠴᠦᠳ ᠤᠨ ᠲᠤᠭ᠎ᠠ ᠶᠢ ᠲᠤᠭᠳᠠᠮᠠᠯ ᠨᠡᠮᠡᠭᠳᠡᠭᠦᠯᠵᠦ ᠢᠷᠡᠭᠰᠡᠨ᠃
ᠲᠡᠢᠮᠤ ᠠᠴᠠ ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ ᠤᠨ ᠰᠠᠨᠠᠭᠠᠴᠢᠯᠠᠭ᠎ᠠ ᠪᠠᠷ ᠡᠮᠡᠭᠳᠡᠢ ᠭᠠᠳᠠᠭᠠᠳᠤ ᠬᠡᠷᠡᠭ ᠤᠨ ᠰᠠᠶᠢᠳ ᠨᠠᠷ ᠤᠨ ᠠᠭᠤᠯᠵᠠᠯᠲᠠ ᠶᠢ ᠡᠨᠡ ᠣᠨ ᠤ 6 ᠳ᠋ᠤᠭᠠᠷ ᠰᠠᠷ᠎ᠠ ᠶᠢᠨ 29-30 ᠤ ᠡᠳᠦᠷ ᠤᠳ ᠲᠤ ᠤᠯᠠᠭᠠᠨᠪᠠᠭᠠᠲᠤᠷ ᠬᠤᠲᠠᠨ᠎ᠠ ᠵᠣᠬᠢᠶᠠᠨ ᠪᠠᠶᠢᠭᠤᠯᠬᠤ ᠭᠡᠵᠦ ᠪᠠᠶᠢᠨ᠎ᠡ᠃ ᠡᠨᠡ ᠬᠦ ᠠᠭᠤᠯᠵᠠᠯᠲᠠ ᠳᠤ 42 ᠤᠯᠤᠰ ᠤᠨ ᠡᠮᠡᠭᠳᠡᠢ ᠭᠠᠳᠠᠭᠠᠳᠤ ᠬᠡᠷᠡᠭ ᠤᠨ ᠰᠠᠶᠢᠳ ᠨᠠᠷ᠂ ᠮᠦᠠ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠪᠤᠯᠦᠠ ᠣᠯᠠᠨ ᠤᠯᠤᠰ ᠤᠨ ᠪᠤᠰᠤᠳ ᠪᠠᠶᠢᠭᠤᠯᠤᠯᠭ᠎ᠠ ᠶᠢᠨ ᠤᠳᠤᠷᠢᠳᠤᠯᠭ᠎ᠠ ᠳᠤ ᠠᠵᠢᠯᠯᠠᠵᠤ ᠪᠤᠶ ᠡᠮᠡᠭᠲᠡᠶᠢᠴᠦᠳ ᠢ ᠣᠷᠣᠯᠴᠠᠭᠤᠯᠬᠤ ᠪᠠᠷ ᠪᠡᠯᠡᠳᠬᠡᠯ ᠢ ᠬᠠᠩᠭᠠᠨ ᠠᠵᠢᠯᠯᠠᠵᠤ ᠪᠠᠶᠢᠨ᠎ᠡ᠃

ᠰᠡᠳᠬᠢᠭᠳᠡᠯ ᠦᠯᠡᠳᠡᠭᠡᠬᠦ