︽ᠡᠯᠡᠰᠤᠨ ᠭᠤᠪᠢ ᠶᠢᠨ ᠲᠡᠮᠡᠭᠡ  ᠪᠢᠳᠠᠨ ᠬᠤᠶᠠᠷ︾ᠢᠷᠠᠭᠤ ᠨᠠᠶᠢᠷᠠᠭ ᠤᠨ ᠨᠠᠭᠠᠳᠤᠮ ᠪᠣᠯᠣᠯ᠎ᠠ | News.MN

 ︽ᠡᠯᠡᠰᠤᠨ ᠭᠤᠪᠢ ᠶᠢᠨ ᠲᠡᠮᠡᠭᠡ  ᠪᠢᠳᠠᠨ ᠬᠤᠶᠠᠷ︾ᠢᠷᠠᠭᠤ ᠨᠠᠶᠢᠷᠠᠭ ᠤᠨ ᠨᠠᠭᠠᠳᠤᠮ ᠪᠣᠯᠣᠯ᠎ᠠ

ᠳᠠᠯᠠᠨᠵᠠᠳᠠᠭᠠᠢᠲᠤ ᠬᠤᠲᠠ ᠳᠤ︽ᠲᠦᠮᠡᠨ ᠲᠡᠮᠡᠭᠡᠨ ᠤ ᠪᠡᠶᠡᠷ︾ ᠢ ᠤᠭᠲᠤᠭᠰᠠᠨ ᠲᠥᠯᠦᠪᠯᠡᠭᠡᠲᠦ ᠣᠯᠠᠨ ᠦᠶᠯᠡ ᠠᠵᠢᠯᠯᠠᠭ᠎ᠠ ᠶᠢ ᠵᠣᠬᠢᠶᠠᠨ ᠶᠠᠪᠤᠭᠤᠯᠵᠤ ᠪᠠᠶᠢᠨ᠎ᠡ᠃ ᠲᠣᠳᠣᠷᠠᠭᠤᠯᠪᠠᠯ᠂︽ᠡᠯᠡᠰᠤᠨ ᠭᠤᠪᠢ ᠶᠢᠨ ᠡᠵᠡᠨ ᠲᠡᠮᠡᠭᠡ  ᠪᠢᠳᠠᠨ ᠬᠤᠶᠠᠷ︾ᠰᠡᠳᠦᠪ ᠢᠶᠠᠷ ᠭᠠᠷ ᠵᠢᠷᠤᠭ ᠪᠤᠯᠦᠠ ᠢᠷᠠᠭᠤ ᠨᠠᠶᠢᠷᠠᠭ ᠤᠨ ᠤᠷᠤᠯᠳᠤᠭᠠᠨ᠂︽ᠲᠡᠮᠡᠭᠡᠴᠢᠳ ᠳᠠᠭᠤᠯᠠᠵᠤ ᠪᠠᠶᠢᠨ᠎ᠡ︾ᠳᠠᠭᠤᠤ ᠶᠢᠨ ᠲᠡᠮᠡᠴᠡᠭᠡᠨ᠂︽ᠲᠡᠮᠡᠭᠡᠨ ᠰᠤᠶᠦᠯ︾ ᠬᠡᠷᠡᠯ ᠵᠢᠷᠤᠭ ᠤᠨ ᠤᠷᠤᠯᠳᠤᠭᠠᠨ᠂︽ᠡᠮᠦᠨᠡᠭᠤᠪᠢ ᠳᠤ ᠦᠢᠯᠡᠳᠪᠦᠷᠢᠯᠡᠪᠡ︾ᠪᠦᠲᠦᠭᠡᠭᠳᠡᠬᠦᠨ᠂ ᠳᠦᠷᠰᠦᠯᠡᠬᠦ ᠤᠷᠠᠯᠢᠭ ᠤᠨ ᠪᠦᠲᠦᠭᠡᠯ ᠤᠨ ᠦᠵᠡᠰᠬᠦᠯᠡᠩ ᠵᠡᠷᠭᠡ ᠪᠣᠯᠬᠤ ᠶᠤᠮ᠃
ᠡᠨᠡ ᠬᠦᠷᠢᠶᠡᠨ ᠳᠤ ᠡᠮᠦᠨᠡᠭᠤᠪᠢ ᠠᠶᠢᠮᠠᠭ ᠤᠨ ᠰᠤᠶᠦᠯ ᠤᠷᠠᠯᠢᠭ ᠤᠨ ᠭᠠᠵᠠᠷ ᠠᠴᠠ︽ᠡᠯᠡᠰᠤᠨ ᠭᠤᠪᠢ ᠶᠢᠨ ᠲᠡᠮᠡᠭᠡ ᠪᠢᠳᠠᠨ ᠬᠤᠶᠠᠷ︾ ᠢᠷᠠᠭᠤ ᠨᠠᠶᠢᠷᠠᠭ ᠤᠨ ᠨᠠᠭᠠᠳᠤᠮ ᠢ ᠵᠣᠬᠢᠶᠠᠨ ᠪᠠᠶᠢᠭᠤᠯᠤᠯ᠎ᠠ᠃ ᠲᠤᠰ ᠨᠠᠭᠠᠳᠤᠮ ᠤᠨ ᠨᠢᠭᠡᠳᠦᠭᠡᠷ ᠱᠠᠲᠤ ᠶᠢ ᠴᠠᠬᠢᠮ ᠢᠶᠠᠷ ᠶᠠᠪᠤᠭᠤᠯᠤᠭᠰᠠᠨ ᠪᠥᠭᠡᠳ ᠬᠤᠶᠠᠳᠤᠭᠠᠷ ᠱᠠᠲᠤᠨ ᠳᠤ 10 ᠭᠠᠷᠦᠢ ᠨᠠᠶᠢᠷᠠᠭᠴᠢ ᠶᠢᠨ ᠪᠦᠲᠦᠭᠡᠯ ᠢ ᠰᠢᠯᠭᠠᠷᠠᠭᠤᠯᠵᠠᠢ᠃
ᠨᠠᠭᠠᠳᠤᠮ ᠢ ᠬᠡᠦᠬᠡᠳ ᠪᠤᠯᠦᠠ ᠨᠠᠰᠤᠨ ᠳᠤ ᠬᠦᠷᠦᠭᠴᠢᠳ ᠭᠡᠰᠡᠨ ᠬᠤᠶᠠᠷ ᠨᠠᠰᠤᠨ ᠤ ᠠᠩᠭᠢᠯᠠᠯ ᠢᠶᠠᠷ ᠵᠣᠬᠢᠶᠠᠨ ᠪᠠᠶᠢᠭᠤᠯᠤᠯ᠎ᠠ᠃ ᠨᠠᠰᠤᠨ ᠳᠤ ᠬᠦᠷᠦᠭᠴᠢᠳ ᠤᠨ ᠠᠩᠭᠢᠯᠠᠯ ᠤᠨ ᠲᠡᠷᠢᠬᠦᠠ ᠪᠠᠶᠢᠷᠢ ᠶᠢ ᠰᠡᠪᠡᠷᠡᠢ ᠰᠤᠮᠤ ᠶᠢᠨ ᠬᠠᠷᠢᠶᠡᠳᠦ ᠵᠠᠯᠠᠭᠤ ᠢᠷᠠᠭᠤ ᠨᠠᠶᠢᠷᠠᠭᠴᠢ ᠴ᠊ ·ᠴᠡᠩᠭᠡᠯᠪᠠᠶᠠᠷ ᠡᠵᠡᠯᠡᠭᠰᠡᠨ ᠪᠣᠯ ᠬᠡᠦᠬᠡᠳ ᠤᠨ ᠨᠠᠰᠤᠨ ᠳᠤ ᠲᠡᠷᠢᠬᠦᠠ ᠪᠠᠶᠢᠷᠢ ᠶᠢ ᠨᠢᠭᠡᠳᠦᠭᠡᠷ ᠰᠤᠷᠭᠠᠭᠤᠯᠢ ᠶᠢᠨ ᠰᠤᠷᠤᠭᠴᠢ ᠲ᠊ · ᠦᠷᠢᠨᠲᠤᠶᠠᠭ᠎ᠠ  ᠲᠤᠰ  ᠲᠤᠰ ᠡᠵᠡᠯᠡᠯ᠎ᠡ᠃

ᠰᠡᠳᠬᠢᠭᠳᠡᠯ ᠦᠯᠡᠳᠡᠭᠡᠬᠦ