ᠠᠮᠧᠷᠢᠺᠠ ᠭᠠᠵᠠᠷ ᠤᠨ ᠬᠤᠪᠦᠷ ᠡᠯᠧᠮᠧᠨ᠋ᠲ ᠤᠨ ᠴᠢᠭᠯᠡᠯ ᠢᠶᠠᠷ ᠬᠠᠮᠲᠤᠷᠠᠨ ᠠᠵᠢᠯᠯᠠᠬᠤ ᠪᠠᠨ ᠢᠯᠡᠷᠬᠡᠶᠢᠯᠡᠵᠡᠢ | News.MN

ᠠᠮᠧᠷᠢᠺᠠ ᠭᠠᠵᠠᠷ ᠤᠨ ᠬᠤᠪᠦᠷ ᠡᠯᠧᠮᠧᠨ᠋ᠲ ᠤᠨ ᠴᠢᠭᠯᠡᠯ ᠢᠶᠠᠷ ᠬᠠᠮᠲᠤᠷᠠᠨ ᠠᠵᠢᠯᠯᠠᠬᠤ ᠪᠠᠨ ᠢᠯᠡᠷᠬᠡᠶᠢᠯᠡᠵᠡᠢ

ᠠᠮᠧᠷᠢᠺᠠ ᠶᠢᠨ ᠨᠢᠭᠡᠳᠦᠭᠰᠡᠨ ᠤᠯᠤᠰ ᠠᠭᠤᠯᠠ ᠠᠭᠤᠷᠬᠠᠢ ᠶᠢᠨ ᠰᠠᠯᠪᠤᠷᠢ ᠳᠤ ᠮᠣᠩᠭᠤᠯ ᠤᠯᠤᠰ ᠲᠠᠢ ᠬᠠᠮᠲᠤᠷᠠᠨ ᠠᠵᠢᠯᠯᠠᠬᠤ ᠰᠠᠨᠠᠯ  ᠢᠶᠠᠨ ᠺᠠᠨᠠᠳᠠ ᠶᠢᠨ ᠲᠤᠷᠤᠨᠲ᠋ᠤ᠋ ᠬᠤᠲᠠᠨ᠎ᠠ ᠪᠣᠯᠣᠭᠰᠠᠨ︽ᠣᠯᠠᠨ ᠤᠯᠤᠰ ᠤᠨ ᠡᠷᠦᠳᠡᠰᠦ ᠪᠠᠶᠠᠯᠢᠭ ᠤᠨ ᠬᠠᠶᠢᠭᠤᠯ᠂ ᠣᠯᠪᠤᠷᠢᠯᠠᠯᠲᠠ ᠶᠢᠨ ᠴᠢᠭᠤᠯᠭ᠎ᠠ ᠠᠭᠤᠯᠵᠠᠯᠲᠠ – 2023︾︵PDAC – 2023︶ ᠶᠢᠨ ᠦᠶ᠎ᠡ ᠪᠠᠷ ᠢᠯᠡᠷᠬᠡᠶᠢᠯᠡᠵᠡᠢ᠃
ᠡᠨᠡ ᠴᠢᠭᠤᠯᠭ᠎ᠠ ᠠᠭᠤᠯᠵᠠᠯᠲᠠ ᠳᠤ ᠠᠭᠤᠯᠠ ᠠᠭᠤᠷᠬᠠᠢ ᠬᠦᠨᠳᠦ ᠦᠢᠯᠡᠳᠪᠤᠷᠢ  ᠶᠢᠨ ᠰᠠᠶᠢᠳ ᠵ᠊ · ᠭᠠᠩᠪᠠᠭᠠᠲᠤᠷ ᠮᠣᠩᠭᠤᠯ ᠤᠯᠤᠰ ᠤᠨ  ᠠᠰᠢᠭᠲᠤ ᠮᠠᠯᠲᠠᠮᠠᠯ ᠤᠨ ᠨᠥᠭᠡᠴᠡ ᠪᠣᠯᠤᠯᠴᠠᠭ᠎ᠠ᠂ ᠰᠠᠯᠪᠤᠷᠢ ᠶᠢᠨ ᠪᠣᠳᠣᠯᠭ᠎ᠠ ᠶᠢᠨ ᠰᠢᠨᠡᠴᠢᠯᠡᠯ ᠤᠨ ᠲᠠᠯ᠎ᠠ ᠪᠠᠷ ᠢᠯᠡᠳᠬᠡᠯ ᠲᠠᠯᠪᠢᠵᠤ᠂  ᠠᠭᠤᠯᠠ ᠠᠭᠤᠷᠬᠠᠢ ᠶᠢᠨ ᠰᠠᠶᠢᠳ ᠨᠠᠷ ᠤᠨ ᠲᠡᠭᠡᠳᠦ ᠬᠡᠮᠵᠢᠶᠡᠨ ᠤ ᠠᠭᠤᠯᠵᠠᠯᠲᠠ ᠳᠤ ᠣᠷᠣᠯᠴᠠᠯ᠎ᠠ᠃  ᠮᠠᠨ ᠤ ᠤᠯᠤᠰ︽PDAC – 2023︾  ᠳᠤ ᠠᠩᠬ᠎ᠠ ᠤᠳᠠᠭ᠎ᠠ︽ᠮᠣᠩᠭᠣᠯ ᠤᠨ ᠡᠳᠦᠷ︾ᠦᠶᠯᠡ ᠠᠵᠢᠯᠯᠠᠭ᠎ᠠ ᠶᠢ ᠵᠣᠬᠢᠶᠠᠨ ᠪᠠᠶᠢᠭᠤᠯᠪᠠ᠃

ᠰᠡᠳᠬᠢᠭᠳᠡᠯ ᠦᠯᠡᠳᠡᠭᠡᠬᠦ