ᠤ᠊ · ᠬᠦᠷᠡᠯᠰᠦ᠋ᠬᠡ ᠢᠷᠡᠬᠦ ᠲᠠᠪᠤᠳᠤᠭᠠᠷ ᠰᠠᠷ᠎ᠠ ᠳᠤ ᠺᠦᠸᠠᠢᠲ ᠤᠯᠤᠰ ᠲᠤ ᠠᠶᠢᠯᠴᠢᠯᠠᠨ᠎ᠠ | News.MN

ᠤ᠊ · ᠬᠦᠷᠡᠯᠰᠦ᠋ᠬᠡ ᠢᠷᠡᠬᠦ ᠲᠠᠪᠤᠳᠤᠭᠠᠷ ᠰᠠᠷ᠎ᠠ ᠳᠤ ᠺᠦᠸᠠᠢᠲ ᠤᠯᠤᠰ ᠲᠤ ᠠᠶᠢᠯᠴᠢᠯᠠᠨ᠎ᠠ

ᠶᠡᠷᠦᠩᠬᠡᠶᠢᠯᠡᠭᠴᠢ ᠤ᠊ · ᠬᠦᠷᠡᠯᠰᠦ᠋ᠬᠡ ᠢᠷᠡᠬᠦ ᠲᠠᠪᠤᠳᠤᠭᠠᠷ ᠰᠠᠷ᠎ᠠ  ᠳᠤ ᠺᠦᠸᠠᠢᠲ ᠤᠯᠤᠰ ᠲᠤ ᠠᠶᠢᠯᠴᠢᠯᠠᠨ᠎ᠠ ᠭᠡᠬᠦ ᠠᠯᠪᠠᠨ ᠪᠤᠰᠤ ᠮᠡᠳᠡᠭᠡᠯᠡᠯ ᠪᠠᠶᠢᠨ᠎ᠡ᠃ ᠠᠶᠢᠯᠴᠢᠯᠠᠯ ᠢᠶᠠᠷ ᠬᠤᠶᠠᠷ ᠣᠷᠣᠨ ᠤ ᠬᠤᠳᠠᠯᠳᠤᠭᠠᠨ ᠤ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠠᠬᠢᠭᠤᠯᠬᠤ ᠠᠰᠠᠭᠤᠳᠠᠯ ᠢ ᠬᠡᠯᠡᠯᠴᠡᠵᠦ ᠮᠠᠭᠠᠳ ᠦᠭᠡᠶ ᠪᠠᠶᠢᠨ᠎ᠡ᠃

ᠲᠣᠳᠣᠷᠠᠭᠤᠯᠪᠠᠯ᠂ ᠰᠠᠦ᠋ᠳᠢ ᠶᠢᠨ ᠠᠷᠠᠪ ᠨᠢ ᠮᠠᠨ ᠤ ᠤᠯᠤᠰ ᠠᠴᠠ ᠮᠢᠬ᠎ᠠ᠂ ᠬᠠᠲᠠᠭᠠᠭᠰᠠᠨ ᠰᠦ᠂ ᠬᠦᠨᠡᠰᠦᠨ ᠤ ᠨᠤᠭᠤᠭ᠎ᠠ ᠵᠡᠷᠭᠡ ᠶᠢ ᠠᠪᠬᠤ ᠰᠠᠨᠠᠯ ᠢᠶᠠᠨ ᠢᠯᠡᠷᠬᠡᠶᠢᠯᠡᠭᠰᠡᠨ ᠭᠡᠵᠦ ᠪᠤᠶ᠃ ᠰᠠᠨᠠᠭᠤᠯᠬᠤ ᠳᠤ᠂ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠶᠠ᠊ ·ᠰᠣᠳᠣᠪᠠᠭᠠᠲᠤᠷ ᠨᠢ ᠡᠨᠡ ᠰᠠᠷ᠎ᠠ ᠶᠢᠨ ᠡᠬᠢ ᠪᠠᠷ ᠰᠠᠦ᠋ᠳᠢ ᠶᠢᠨ ᠠᠷᠠᠪ ᠤᠨ ᠬᠠᠭᠠᠨᠲᠤ ᠤᠯᠤᠰ ᠲᠤ ᠠᠶᠢᠯᠴᠢᠯᠠᠭᠰᠠᠨ᠃  ᠡᠨᠡ ᠬᠦ ᠠᠶᠢᠯᠴᠢᠯᠠᠯ ᠨᠢ ᠶᠡᠷᠦᠩᠬᠡᠶᠢᠯᠡᠭᠴᠢ ᠶᠢᠨ ᠠᠢᠯᠴᠢᠯᠠᠯ ᠤᠨ ᠪᠡᠯᠡᠳᠬᠡᠯ ᠢ ᠬᠠᠩᠭᠠᠬᠤ ᠲᠠᠢ ᠬᠤᠯᠪᠣᠭ᠎ᠠ ᠲᠠᠢ ᠪᠠᠶᠢᠵᠠᠢ᠃

ᠰᠡᠳᠬᠢᠭᠳᠡᠯ ᠦᠯᠡᠳᠡᠭᠡᠬᠦ