ᠤᠯᠠᠨ ᠤᠯᠤᠰ ᠤᠨ ᠬᠥᠮᠦᠨ ᠠᠮᠠ ᠶᠢᠨ ᠰᠠᠩ ᠤᠨ ᠲᠥᠯᠥᠭᠡᠯᠡᠭᠴᠢ ᠶᠢ ᠬᠦᠯᠢᠶᠡᠨ ᠠᠪᠴᠤ ᠠᠭᠤᠯᠵᠠᠪᠠ | News.MN

ᠤᠯᠠᠨ ᠤᠯᠤᠰ ᠤᠨ ᠬᠥᠮᠦᠨ ᠠᠮᠠ ᠶᠢᠨ ᠰᠠᠩ ᠤᠨ ᠲᠥᠯᠥᠭᠡᠯᠡᠭᠴᠢ ᠶᠢ ᠬᠦᠯᠢᠶᠡᠨ ᠠᠪᠴᠤ ᠠᠭᠤᠯᠵᠠᠪᠠ

ᠭᠠᠳᠠᠭᠠᠳᠤ ᠬᠠᠷᠢᠯᠴᠠᠭᠠᠨ ᠤ ᠶᠠᠮᠤᠨ ᠤ ᠲᠥᠷᠦ ᠶᠢᠨ ᠨᠡᠷᠢᠠ ᠪᠢᠴᠢᠭ ᠤᠨ ᠳᠠᠷᠤᠭ᠎ᠠ ᠨ᠊ · ᠠᠩᠬᠠᠪᠠᠶᠠᠷ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠬᠥᠮᠦᠨ ᠠᠮᠠ ᠶᠢᠨ ᠰᠠᠩ ᠤᠨ ᠬᠢᠲᠠᠳ ᠲᠤ ᠬᠢ ᠰᠠᠭᠤᠷᠢᠨ ᠲᠥᠯᠦᠭᠡᠯᠡᠭᠴᠢ ᠪᠥᠭᠡᠳ ᠮᠣᠩᠭᠤᠯ ᠤᠯᠤᠰ ᠢ ᠬᠠᠷᠢᠭᠤᠴᠠᠭᠰᠠᠨ ᠵᠠᠬᠢᠷᠤᠯ  ᠵᠠᠰᠲ᠋ᠢᠨ ᠺᠤᠸᠤᠯᠰᠤᠨ ᠢ ᠡᠨᠡ ᠰᠠᠷ᠎ᠠ ᠶᠢᠨ 15 ᠳᠦ ᠬᠦᠯᠢᠶᠡᠨ ᠠᠪᠴᠤ ᠠᠭᠤᠯᠵᠠᠯ᠎ᠠ᠃

ᠨ᠊ ·ᠠᠩᠬᠠᠪᠠᠶᠠᠷ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠬᠥᠮᠦᠨ ᠠᠮᠠ ᠶᠢᠨ ᠰᠠᠩ ᠮᠠᠨ ᠤ ᠤᠯᠤᠰ ᠤᠨ ᠬᠥᠮᠦᠨ ᠠᠮᠠ ᠶᠢᠨ ᠬᠥᠭᠵᠢᠯ᠂ ᠲᠡᠷᠡ ᠳᠤᠮᠳᠠ ᠪᠠᠨ ᠥᠬᠢᠳ᠂ ᠡᠮᠡᠭᠲᠡᠶᠢᠴᠦᠳ ᠤᠨ ᠨᠥᠬᠦᠨ ᠦᠷᠡᠵᠢᠬᠦᠢ ᠶᠢᠨ ᠡᠷᠡᠭᠦᠯ ᠮᠡᠨᠳᠦ᠂ ᠬᠡᠦᠬᠡᠳ ᠵᠠᠯᠠᠭᠤᠴᠤᠳ ᠢ  ᠴᠢᠳᠠᠪᠬᠢᠵᠢᠭᠤᠯᠬᠤ᠂  ᠬᠦᠢᠰᠦ ᠶᠢᠨ ᠲᠡᠭᠰᠢ ᠪᠠᠶᠢᠳᠠᠯ ᠢ ᠬᠠᠩᠭᠠᠬᠤ ᠴᠢᠭᠯᠡᠯ ᠢᠶᠠᠷ ᠳᠣᠷᠪᠢᠲᠠᠢ ᠬᠤᠪᠢ ᠨᠡᠮᠡᠷᠢ ᠣᠷᠣᠭᠤᠯᠤᠨ ᠠᠵᠢᠯᠯᠠᠵᠤ ᠪᠤᠢ ᠳᠤ ᠲᠠᠯᠠᠷᠬᠠᠯ ᠢᠯᠡᠷᠬᠡᠶᠢᠯᠡᠪᠡ᠃

ᠲᠠᠯ᠎ᠠ ᠨᠤᠭᠤᠳ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠬᠥᠮᠦᠨ ᠠᠮᠠ ᠶᠢᠨ ᠰᠠᠩ ᠤᠨ ᠭᠦᠢᠴᠡᠳᠬᠡᠬᠦ ᠵᠥᠪᠯᠡᠯ ᠠᠴᠠ ᠦᠡᠭᠭᠡᠷᠡᠭᠰᠡᠠ 2022 ᠣᠨ ᠳᠤ ᠪᠠᠲᠤᠯᠠᠭᠰᠠᠨ ᠮᠣᠩᠭᠤᠯ ᠤᠯᠤᠰ ᠲᠤ 2023-2027 ᠣᠨ ᠳᠤ ᠬᠡᠷᠡᠭᠵᠢᠭᠦᠯᠬᠦ ᠤᠯᠤᠰ ᠣᠷᠣᠨ ᠤ ᠳᠤᠯᠤᠳᠠᠬᠢ ᠬᠥᠲᠥᠯᠪᠦᠷᠢ ᠶᠢ ᠠᠮᠵᠢᠯᠲᠠᠲᠠᠶ ᠬᠡᠷᠡᠭᠵᠢᠭᠦᠯᠬᠦ ᠶᠢᠨ ᠲᠥᠯᠥᠭᠡ  ᠲᠤᠤᠱᠲᠠᠢ ᠬᠠᠮᠲᠤᠷᠠᠨ ᠠᠵᠢᠯᠯᠠᠬᠤ ᠪᠠᠨ ᠨᠤᠲᠠᠯᠠᠵᠤ᠂ ᠢᠷᠡᠬᠦ ᠲᠠᠪᠤᠨ ᠵᠢᠯ ᠳᠤ ᠬᠡᠷᠡᠭᠵᠢᠭᠦᠯᠬᠦ ᠲᠥᠰᠥᠯ᠂ ᠦᠶᠯᠡ ᠠᠵᠢᠯᠯᠠᠭ᠎ᠠ ᠨᠤᠭᠤᠳ ᠤᠨ ᠲᠣᠳᠤᠷᠬᠠᠶ ᠴᠢᠭᠯᠡᠯ ᠤᠳ ᠢᠶᠠᠷ ᠳᠡᠯᠭᠡᠷᠡᠩᠭᠦᠢ ᠰᠠᠨᠠᠯ ᠰᠣᠯᠢᠯᠴᠠᠪᠠ᠃

ᠰᠡᠳᠬᠢᠭᠳᠡᠯ ᠦᠯᠡᠳᠡᠭᠡᠬᠦ