ᠮᠣᠩᠭᠤᠯ   ᠤᠯᠤᠰ᠂  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠬᠠᠮᠲᠤᠷᠠᠭᠰᠠᠨ ᠬᠤᠷᠠᠯ ᠪᠣᠯᠣᠯ᠎ᠠ | News.MN

ᠮᠣᠩᠭᠤᠯ   ᠤᠯᠤᠰ᠂  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠬᠠᠮᠲᠤᠷᠠᠭᠰᠠᠨ ᠬᠤᠷᠠᠯ ᠪᠣᠯᠣᠯ᠎ᠠ

ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠠᠴᠠ ᠮᠣᠩᠭᠤᠯ ᠤᠯᠤᠰ ᠲᠤ 2023-2027 ᠣᠨ ᠳᠤ ᠬᠡᠷᠡᠭᠵᠢᠭᠦᠯᠬᠦ︽ᠲᠣᠭᠲᠠᠪᠤᠷᠢᠲᠠᠶ ᠬᠥᠭᠵᠢᠯ ᠤᠨ ᠬᠠᠮᠲᠤ ᠶᠢᠨ ᠠᠵᠢᠯᠯᠠᠭᠠᠨ ᠤ ᠬᠦᠷᠢᠶ᠎ᠡ︾ᠪᠠᠷᠢᠮᠲᠠ ᠪᠢᠴᠢᠭ ᠤᠨ ᠬᠡᠷᠡᠭᠵᠢᠯᠲᠡ ᠡᠬᠢᠯᠡᠭᠰᠡᠨ ᠲᠠᠢ ᠬᠤᠯᠪᠤᠭᠳᠠᠭᠤᠯᠤᠨ ᠵᠠᠰᠠᠭ ᠤᠨ ᠭᠠᠵᠠᠷ ᠨᠢᠭᠡᠳᠦᠭᠰᠡᠨ ᠦᠨᠳᠦᠰᠦᠲᠡᠨ ᠤ ᠪᠠᠶᠢᠭᠤᠯᠤᠯᠭ᠎ᠠ  ᠶᠢᠨ ᠬᠠᠮᠲᠤᠷᠠᠭᠰᠠᠨ ᠤᠳᠤᠷᠢᠳᠬᠤ ᠬᠤᠷᠢᠶᠠᠨ ᠤ ᠬᠤᠷᠠᠯ 2023 ᠣᠨ ᠤ 3 ᠳ᠋ᠤᠭᠠᠷ ᠰᠠᠷ᠎ᠠ ᠶᠢᠨ 17 ᠤ ᠡᠳᠦᠷ  ᠭᠠᠳᠠᠭᠠᠳᠤ ᠬᠠᠷᠢᠯᠴᠠᠭᠠᠨ ᠤ ᠶᠠᠮᠤᠨ  ᠳᠦ ᠪᠣᠯᠪᠠ᠃

ᠬᠤᠷᠠᠯ ᠢᠶᠠᠷ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠠᠴᠠ ᠮᠣᠩᠭᠤᠯ ᠤᠯᠤᠰ ᠲᠤ 2017-2022 ᠣᠨ ᠳᠤ ᠬᠡᠷᠡᠭᠵᠢᠭᠦᠯᠦᠭᠰᠡᠨ︽ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠬᠥᠭᠵᠢᠯ ᠤᠨ ᠲᠤᠰᠠᠯᠠᠮᠵᠢ ᠶᠢᠨ ᠬᠦᠷᠢᠶ᠎ᠡ︾ᠪᠠᠷᠢᠮᠲᠠ ᠪᠢᠴᠢᠭ ᠤᠨ ᠦᠷ᠎ᠡ ᠳ᠋ᠦᠩ ᠢ ᠬᠡᠯᠡᠯᠴᠡᠭᠰᠡᠨ ᠤ ᠵᠡᠷᠭᠡᠴᠡᠭᠡ 2023-2027 ᠣᠨ ᠳᠤ ᠬᠡᠷᠡᠭᠵᠢᠭᠦᠯᠬᠦ ᠪᠠᠷᠢᠮᠲᠠ ᠪᠢᠴᠢᠭ ᠤᠨ ᠲᠥᠯᠥᠪᠯᠡᠭᠡᠨ ᠤ ᠲᠥᠰᠥᠯ ᠢ ᠲᠠᠨᠢᠯᠴᠠᠭᠤᠯᠵᠤ᠂ ᠭᠡᠰᠢᠭᠦᠳ ᠤᠨ ᠰᠠᠨᠠᠯ ᠢ ᠲᠤᠰᠬᠠᠵᠤ ᠪᠠᠲᠤᠯᠠᠬᠤ ᠪᠠᠷ ᠲᠣᠭᠲᠠᠪᠠ᠃ ᠮᠦᠠ ᠬᠤᠷᠠᠯ ᠢᠶᠠᠷ ᠬᠠᠮᠲᠤᠷᠠᠭᠰᠠᠨ ᠤᠳᠤᠷᠢᠳᠬᠤ ᠬᠤᠷᠢᠶᠠᠨ ᠤ ᠪᠤᠯᠦᠠ ᠦᠷ᠎ᠡ ᠳ᠋ᠦᠩ ᠤᠨ ᠪᠦᠯᠦᠭ ᠤᠳ ᠤᠨ ᠠᠵᠢᠯ ᠤᠨ ᠳᠠᠭᠠᠭᠠᠯᠭᠠᠪᠤᠷᠢ ᠶᠢ ᠪᠠᠲᠤᠯᠠᠪᠠ᠃ ᠳᠠᠷᠠᠭ᠎ᠠ ᠶᠢᠨ ᠬᠤᠷᠠᠯ 2023 ᠣᠨ ᠤ 10 ᠳ᠋ᠤᠭᠠᠷ ᠰᠠᠷ᠎ᠠ ᠳᠤ ᠪᠣᠯᠤᠨ᠎ᠠ᠃

ᠰᠡᠳᠬᠢᠭᠳᠡᠯ ᠦᠯᠡᠳᠡᠭᠡᠬᠦ