ᠲᠥᠷᠦ ᠶᠢᠨ ᠴᠡᠷᠢᠭ ᠤᠨ ᠪᠤᠯᠦᠠ ᠬᠠᠤᠯᠢ ᠰᠠᠬᠢᠭᠤᠯᠬᠤ ᠪᠠᠶᠢᠭᠤᠯᠤᠯᠭ᠎ᠠ ᠨᠤᠭᠤᠳ ᠤᠨ ᠳᠤᠮᠳᠠ ᠵᠣᠬᠢᠶᠠᠨ ᠪᠠᠶᠢᠭᠤᠯᠳᠠᠭ ᠠᠶᠢᠮᠠᠭ ᠤᠨ ᠵᠠᠰᠠᠭ ᠳᠠᠷᠤᠭ᠎ᠠ ᠶᠢᠨ ᠨᠡᠷᠡᠮᠵᠢᠲᠦ ᠮᠠᠷᠱ ᠲᠠᠺᠲ᠋ᠢᠺ᠂ ᠲᠤᠰᠬᠠᠶ ᠪᠡᠯᠡᠳᠬᠡᠯ ᠤᠨ ᠠᠪᠤᠷᠭᠤ ᠲᠠᠰᠤᠭ ᠰᠢᠯᠭᠠᠷᠠᠭᠤᠯᠬᠤ ᠲᠡᠮᠡᠴᠡᠭᠡᠨ ᠪᠣᠯᠪᠠ᠃ ᠲᠤᠰ ᠲᠡᠮᠡᠴᠡᠭᠡᠨ ᠳᠤ ᠨᠡᠶᠢᠲᠡ 7 ᠪᠠᠶᠢᠭᠤᠯᠤᠯᠭ᠎ᠠ ᠶᠢᠨ 100 ᠭᠠᠷᠦᠢ ᠠᠯᠪᠠᠨ ᠬᠠᠭᠠᠭᠴᠢ ᠮᠡᠷᠭᠡᠵᠢᠯ ᠤᠨ ᠤᠷ᠎ᠠ ᠴᠢᠳᠡᠪᠦᠷᠢ᠂ ᠲᠡᠰᠪᠦᠷᠢ ᠬᠠᠲᠠᠭᠤᠵᠢᠯ᠂ ᠡᠷᠳᠡᠮ ᠮᠡᠳᠡᠯᠭᠡ ᠪᠠᠨ ᠳᠠᠶᠢᠴᠢᠯᠠᠨ ᠣᠷᠣᠯᠴᠠᠯ᠎ᠠ᠃
ᠡᠨᠡ ᠬᠦ ᠲᠡᠮᠡᠴᠡᠭᠡᠨ ᠨᠢ ᠲᠥᠷᠦ ᠶᠢᠨ ᠴᠡᠷᠢᠭ ᠤᠨ ᠪᠤᠯᠦᠠ ᠬᠠᠤᠯᠢ ᠰᠠᠬᠢᠭᠤᠯᠬᠤ ᠪᠠᠶᠢᠭᠤᠯᠤᠯᠭ᠎ᠠ ᠨᠤᠭᠤᠳ ᠤᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ᠂ ᠠᠯᠪᠠᠨ ᠬᠠᠭᠠᠭᠴᠢᠳ ᠤᠨ ᠴᠡᠷᠢᠭᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠳᠠᠪᠠᠭᠤ ᠲᠠᠯ᠎ᠠ ᠲᠠᠢ ᠶᠤᠮ᠃ ᠲᠡᠮᠡᠴᠡᠭᠡᠨ ᠤ ᠲᠡᠷᠢᠬᠦᠠ ᠪᠠᠶᠢᠷᠢ ᠳᠤ ᠬᠤᠷᠠᠩᠳᠠ ᠵ᠊ · ᠮᠥᠩᠬᠡᠪᠠᠶᠠᠷ ᠵᠠᠬᠢᠷᠤᠭᠴᠢ ᠲᠠᠢ ᠵᠡᠪᠰᠡᠭᠲᠦ ᠬᠦᠴᠦᠨ ᠤ 016 ᠳ᠋ᠤᠭᠠᠷ ᠨᠢᠭᠡᠳᠬᠡᠯ᠂ ᠳᠡᠳ᠋ ᠪᠠᠶᠢᠷᠢ ᠳᠤ ᠳᠡᠳ᠋ ᠬᠤᠷᠠᠩᠳᠠ ᠨᠨ᠊· ᠳᠦᠩᠵᠦᠩᠭᠠᠷᠪᠤ ᠵᠠᠬᠢᠷᠤᠭᠴᠢ ᠲᠠᠢ ᠵᠡᠪᠰᠡᠭᠲᠦ ᠬᠦᠴᠦᠨ ᠤ 119 ᠳ᠋ᠦ᠋ᠭᠡᠷ ᠠᠩᠭᠢ᠂ ᠭᠤᠲᠠᠭᠠᠷ ᠪᠠᠶᠢᠷᠢ ᠳᠤ ᠬᠤᠷᠠᠩᠳᠠ ᠴ᠊ · ᠪᠤᠶᠠᠨᠵᠢᠷᠭᠠᠯ ᠵᠠᠬᠢᠷᠤᠭᠴᠢ ᠲᠠᠢ ᠵᠡᠪᠰᠡᠭᠲᠦ ᠬᠦᠴᠦᠨ ᠤ 311 ᠳ᠋ᠦ᠋ᠭᠡᠷ ᠠᠩᠭᠢ ᠲᠤᠰ ᠲᠤᠰ ᠰᠢᠯᠭᠠᠷᠠᠯ᠎ᠠ᠃