ᠪᠠᠶᠢᠲᠤ ᠬᠠᠷᠪᠤᠭ᠎ᠠ ᠶᠢᠨ ᠤᠯᠤᠰ ᠤᠨ ᠲᠡᠮᠡᠴᠡᠭᠡᠨ ᠣᠷᠬᠤᠨ ᠠᠶᠢᠮᠠᠭ ᠲᠤ ᠪᠣᠯᠤᠨ᠎ᠠ | News.MN

ᠪᠠᠶᠢᠲᠤ ᠬᠠᠷᠪᠤᠭ᠎ᠠ ᠶᠢᠨ ᠤᠯᠤᠰ ᠤᠨ ᠲᠡᠮᠡᠴᠡᠭᠡᠨ ᠣᠷᠬᠤᠨ ᠠᠶᠢᠮᠠᠭ ᠲᠤ ᠪᠣᠯᠤᠨ᠎ᠠ

ᠪᠠᠶᠢᠲᠤ ᠬᠠᠷᠪᠤᠭ᠎ᠠ ᠶᠢᠨ 15 ᠳᠠᠬᠢ ᠤᠳᠠᠭ᠎ᠠ ᠶᠢᠨ ᠲᠠᠩᠬᠢᠮ ᠤᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠡᠨᠡ ᠰᠠᠷ᠎ᠠ ᠶᠢᠨ 23-26 ᠤ ᠬᠤᠭᠤᠷᠦᠡᠳᠦ ᠣᠷᠬᠤᠨ ᠠᠶᠢᠮᠠᠭ ᠲᠤ U14᠂ U18᠂ U21᠂ ᠨᠠᠰᠤᠨ ᠳᠤ ᠬᠦᠷᠦᠭᠰᠡᠳ ᠭᠡᠰᠡᠨ ᠠᠩᠭᠢᠯᠠᠯ ᠳᠤ ᠪᠣᠯᠤᠨ᠎ᠠ᠃
ᠣᠳᠣ ᠶᠢᠨ ᠪᠠᠶᠢᠳᠠᠯ ᠢᠶᠠᠷ ᠣᠷᠣᠨ ᠨᠤᠳᠤᠬ ᠪᠤᠯᠦᠠ ᠨᠡᠶᠢᠰᠯᠡᠯ ᠳᠤ ᠦᠶᠯᠡ ᠠᠵᠢᠯᠯᠠᠭ᠎ᠠ ᠪᠠᠨ ᠶᠠᠪᠤᠭᠤᠯᠳᠠᠭ 24 ᠪᠠᠶᠢᠭᠤᠯᠤᠯᠭ᠎ᠠ ᠶᠢᠨ 330 ᠭᠠᠷᠦᠢ ᠲᠠᠮᠢᠷᠴᠢᠨ ᠲᠡᠮᠡᠴᠡᠭᠡᠨ ᠳᠤ ᠣᠷᠣᠯᠴᠠᠬᠤ ᠪᠠᠷ ᠪᠦᠷᠢᠳᠬᠡᠭᠦᠯᠦᠭᠡᠳ ᠪᠠᠶᠢᠨ᠎ᠡ᠃ ᠲᠡᠮᠡᠴᠡᠭᠡᠨ ᠢ ᠣᠷᠬᠤᠨ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂  ᠢᠷᠭᠡᠳ ᠤᠨ ᠲᠥᠯᠥᠭᠡᠯᠡᠭᠴᠢᠳ ᠤᠨ ᠬᠤᠷᠠᠯ᠂ ᠮᠣᠩᠭᠣᠯ ᠤᠨ ᠪᠠᠶᠢᠲᠤ ᠬᠠᠷᠪᠤᠭ᠎ᠠ ᠶᠢᠨ ᠬᠤᠯᠪᠣᠭ᠎ᠠ᠂︽ᠡᠷᠳᠡᠨᠢᠲᠦ ᠦᠢᠯᠡᠳᠪᠦᠷᠢ︾ ᠶᠢᠨ ᠬᠠᠷᠢᠶ᠎ᠠ︽ᠬᠠᠨ ᠭᠠᠷᠤᠳᠢ︾ᠰᠫᠣᠷᠲ ᠴᠣᠭᠴᠠᠯᠠᠪᠤᠷᠢ᠂ ᠣᠷᠬᠤᠨ ᠠᠶᠢᠮᠠᠭ ᠤᠨ ᠪᠡᠶ᠎ᠡ ᠶᠢᠨ ᠲᠠᠮᠢᠷ᠂ ᠰᠫᠣᠷᠲ ᠤᠨ ᠭᠠᠵᠠᠷ ᠬᠠᠮᠲᠤᠷᠠᠨ ᠵᠣᠬᠢᠶᠠᠨ ᠪᠠᠶᠢᠭᠤᠯᠬᠤ ᠶᠤᠮ᠃

ᠰᠡᠳᠬᠢᠭᠳᠡᠯ ᠦᠯᠡᠳᠡᠭᠡᠬᠦ