ᠶᠡᠷᠦᠩᠬᠡᠶ ᠰᠠᠶᠢᠳ ᠤᠯᠤᠰ ᠲᠥᠷᠦ ᠶᠢᠨ ᠳᠡᠮᠵᠢᠯᠭᠡ ᠦᠵᠡᠭᠦᠯᠬᠦ ᠶᠢ ᠭᠡᠰᠢᠭᠦᠳ ᠲᠤ ᠪᠡᠨ ᠤᠷᠢᠶᠠᠯᠠᠯ᠎ᠠ | News.MN

 ᠶᠡᠷᠦᠩᠬᠡᠶ ᠰᠠᠶᠢᠳ ᠤᠯᠤᠰ ᠲᠥᠷᠦ ᠶᠢᠨ ᠳᠡᠮᠵᠢᠯᠭᠡ ᠦᠵᠡᠭᠦᠯᠬᠦ ᠶᠢ ᠭᠡᠰᠢᠭᠦᠳ ᠲᠤ ᠪᠡᠨ ᠤᠷᠢᠶᠠᠯᠠᠯ᠎ᠠ

ᠮᠣᠩᠭᠤᠯ ᠠᠷᠠᠳ ᠤᠨ ᠨᠠᠮ ᠤᠨ ᠪᠦᠯᠦᠭ ᠤᠨ ᠬᠤᠷᠠᠯ ᠳᠤ ᠮᠣᠩᠭᠤᠯ ᠠᠷᠠᠳ ᠤᠨ ᠨᠠᠮ ᠤᠨ ᠳᠠᠷᠤᠭ᠎ᠠ᠂ ᠶᠡᠷᠦᠩᠬᠡᠶ ᠰᠠᠶᠢᠳ ᠯ᠊ ·ᠤᠶᠤᠡᠡᠷᠳᠡᠨᠢ ᠣᠷᠣᠯᠴᠠᠵᠤ᠂ ᠡᠭᠦᠷᠭᠡ ᠴᠢᠭᠯᠡᠯ ᠥᠭᠴᠡᠢ᠃ ᠵᠠᠰᠠᠭ ᠤᠨ ᠭᠠᠵᠠᠷ 2023 ᠣᠨ ᠢ︽ᠠᠪᠯᠢᠭ᠎ᠠ ᠶᠢᠨ ᠡᠰᠡᠷᠭᠦ ᠵᠢᠯ︾ᠪᠣᠯᠭᠠᠨ ᠵᠠᠷᠯᠠᠵᠤ᠂︽5 ᠱ᠊︾ᠠᠵᠢᠯᠯᠠᠭ᠎ᠠ ᠶᠢ ᠬᠡᠷᠡᠭᠵᠢᠭᠦᠯᠵᠦ ᠪᠠᠶᠢᠨ᠎ᠡ᠃︽ᠰᠢᠪᠠᠭᠤ︾ᠠᠵᠢᠯᠯᠠᠭᠠᠨ ᠤ ᠬᠦᠷᠢᠶᠡᠨ ᠳᠤ ᠬᠢᠯᠢ ᠶᠢᠨ ᠴᠢᠨᠠᠳᠤ ᠳᠤ ᠣᠷᠭᠤᠨ ᠵᠠᠶᠢᠯᠠᠭᠰᠠᠨ ᠡᠲᠡᠭᠡᠳ ᠤᠳ ᠤᠨ ᠨᠡᠷᠡᠰ ᠤᠨ ᠵᠢᠭᠰᠠᠭᠠᠯᠲᠠ ᠶᠢ ᠵᠠᠷᠯᠠᠵᠤ᠂ ᠣᠯᠠᠨ ᠤᠯᠤᠰ ᠤᠨ ᠭᠡᠷ᠎ᠡ ᠡᠷᠬᠡ ᠵᠦᠢ᠂ ᠺᠤᠨᠸᠧᠨ᠋ᠼ ᠤᠨ ᠬᠦᠷᠢᠶᠡᠨ ᠳᠤ ᠲᠡᠳᠡᠨ ᠢ ᠰᠢᠯᠵᠢᠭᠦᠯᠦᠨ ᠠᠪᠴᠢᠷᠠᠬᠤ ᠠᠵᠢᠯ ᠢ ᠡᠬᠢᠯᠡᠭᠦᠯᠦᠭᠰᠡᠨ᠃
︽ᠱᠦᠭᠯᠦ︾ᠠᠵᠢᠯᠯᠠᠭᠠᠨ ᠤ ᠬᠦᠷᠢᠶᠡᠨ ᠳᠤ ︽ᠱᠦᠭᠯᠦ ᠦᠯᠢᠶᠡᠭᠴᠢ ᠶᠢᠨ ᠡᠷᠬᠡ ᠵᠦᠢ ᠶᠢᠨ ᠪᠠᠶᠢᠳᠠᠯ ᠤᠨ ᠲᠤᠬᠠᠶ︾ ᠠᠩᠬᠠᠳᠠᠭᠴᠢ ᠬᠠᠤᠯᠢ ᠶᠢᠨ ᠲᠥᠰᠥᠯ᠂︽ᠰᠢᠭᠦᠷ︾ᠠᠵᠢᠯᠯᠠᠭᠠᠨ ᠤ ᠬᠦᠷᠢᠶᠡᠨ ᠳᠤ ᠤᠯᠤᠰ ᠤᠨ ᠶᠡᠭᠡ ᠬᠤᠷᠠᠯ᠂ ᠵᠠᠰᠠᠭ ᠤᠨ ᠭᠠᠵᠠᠷ ᠤᠨ ᠭᠡᠰᠢᠭᠦᠳ ᠪᠤᠯᠦᠠ ᠤᠯᠤᠰ ᠲᠥᠷᠥ ᠳᠤ ᠨᠦᠯᠤᠬᠡ  ᠪᠦᠬᠦᠢ ᠡᠲᠡᠭᠡᠳ ᠤᠳ᠂ ᠲᠡᠳᠡᠨ ᠤ ᠭᠡᠷ ᠪᠦᠯᠢ ᠶᠢᠨ ᠭᠡᠰᠢᠭᠦᠳ ᠢ ᠲᠥᠷᠦ ᠶᠢᠨ ᠤᠳᠤᠷᠢᠳᠬᠤ ᠠᠯᠪᠠᠨ ᠲᠤᠰᠢᠶᠠᠯ ᠳᠤ ᠲᠣᠮᠢᠯᠠᠬᠤ᠂ ᠲᠥᠷᠥ ᠠᠴᠠ ᠰᠠᠩᠬᠦᠦᠵᠢᠬᠦ ᠲᠧᠨᠳᠧᠷ᠂ ᠵᠢᠭᠡᠯᠡᠯᠭᠡ᠂ ᠲᠡᠳᠬᠦᠯᠭᠡ ᠳᠦ ᠬᠠᠮᠤᠷᠤᠭᠳᠠᠬᠤ ᠶᠢ ᠬᠤᠷᠢᠭᠯᠠᠭᠰᠠᠨ ᠬᠠᠤᠯᠢ ᠶᠢᠨ ᠲᠥᠰᠥᠯ ᠢ ᠮᠦᠠ ᠡᠨᠡ ᠤᠳᠠᠭ᠎ᠠ ᠶᠢᠨ ᠬᠠᠪᠤᠷ ᠤᠨ ᠴᠢᠭᠤᠯᠭᠠᠨ ᠢᠶᠠᠷ ᠡᠷᠭᠦᠨ ᠪᠠᠷᠢᠵᠤ ᠪᠠᠲᠤᠯᠠᠭᠤᠯᠤᠨ᠎ᠠ᠃ ᠡᠳᠡᠭᠡᠷ ᠬᠠᠤᠯᠢ ᠶᠢ ᠤᠯᠤᠰ ᠤᠨ ᠶᠡᠭᠡ ᠬᠤᠷᠠᠯ ᠤᠨ ᠬᠠᠪᠤᠷ ᠤᠨ ᠴᠢᠭᠤᠯᠭᠠᠨ ᠢᠶᠠᠷ ᠬᠡᠯᠡᠯᠴᠡᠨ ᠪᠠᠲᠤᠯᠠᠭᠤᠯᠬᠤ ᠳᠤ ᠪᠦᠯᠦᠭ ᠤᠨ ᠭᠡᠰᠢᠭᠦᠳ ᠤᠯᠤᠰ ᠲᠥᠷᠦ ᠶᠢᠨ ᠬᠤᠪᠢ ᠳᠤ ᠳᠡᠮᠵᠢᠵᠦ ᠠᠵᠢᠯᠯᠠᠬᠤ ᠶᠢ ᠤᠷᠢᠶᠠᠯᠠᠵᠠᠢ᠃
ᠮᠦᠠ︽ᠤᠯᠤᠰ ᠲᠥᠷᠦ ᠶᠢᠨ ᠨᠠᠮ ᠤᠨ ᠲᠤᠬᠠᠶ︾ᠬᠠᠤᠯᠢ ᠶᠢᠨ ᠰᠢᠨᠡᠴᠢᠯᠡᠭᠰᠡᠨ ᠨᠡᠶᠢᠷᠡᠭᠤᠯᠭ᠎ᠠ᠂︽ᠤᠯᠤᠰ ᠤᠨ ᠶᠡᠭᠡ ᠬᠤᠷᠠᠯ ᠤᠨ ᠰᠣᠩᠭᠤᠭᠤᠯᠢ ᠶᠢᠨ ᠬᠠᠤᠯᠢ ᠳᠤ ᠨᠡᠮᠡᠯᠲᠡ ᠥᠭᠡᠷᠡᠴᠢᠯᠡᠯᠲᠡ ᠣᠷᠣᠭᠤᠯᠬᠤ︾ᠬᠠᠤᠯᠢ ᠶᠢᠨ ᠲᠥᠰᠥᠯ ᠪᠤᠯᠦᠠ︽ᠤᠯᠤᠰ ᠲᠥᠷᠦ ᠶᠢᠨ ᠨᠠᠮ ᠤᠨ  ᠰᠠᠩᠬᠦᠦᠵᠢᠯᠲᠡ ᠶᠢᠨ ᠲᠤᠬᠠᠶ︾ᠠᠩᠬᠠᠳᠠᠭᠴᠢ ᠬᠠᠤᠯᠢ ᠶᠢᠨ ᠲᠥᠰᠥᠯ ᠢ ᠡᠴᠦᠰᠯᠡᠨ ᠪᠣᠯᠪᠠᠰᠤᠷᠠᠭᠤᠯᠵᠤ᠂ ᠤᠯᠤᠰ ᠤᠨ ᠶᠡᠭᠡ ᠬᠤᠷᠠᠯ ᠤᠨ ᠡᠨᠡ ᠬᠠᠪᠤᠷ ᠤᠨ ᠴᠢᠭᠤᠯᠭᠠᠨ ᠳᠤ ᠡᠷᠭᠦᠨ ᠪᠠᠷᠢᠵᠤ ᠪᠠᠲᠤᠯᠠᠭᠤᠯᠬᠤ ᠪᠣᠯᠤᠨ᠎ᠠ ᠭᠡᠳᠡᠭ ᠢ ᠯ᠊ · ᠤᠶᠤᠡᠡᠷᠳᠡᠨᠢ ᠬᠡᠯᠡᠯ᠎ᠡ᠃

ᠰᠡᠳᠬᠢᠭᠳᠡᠯ ᠦᠯᠡᠳᠡᠭᠡᠬᠦ