ᠮᠣᠩᠭᠤᠯ ᠣᠷᠣᠨ ᠤ 362 ᠭᠤᠣᠯ ᠭᠤᠷᠤᠬ᠎ᠠ᠂ ᠨᠠᠭᠤᠷ ᠲᠣᠭᠤᠷᠢᠮ᠂ ᠪᠤᠯᠠᠭ ᠱᠠᠩᠳᠠ ᠰᠢᠷᠭᠢᠵᠡᠢ | News.MN

ᠮᠣᠩᠭᠤᠯ ᠣᠷᠣᠨ ᠤ 362 ᠭᠤᠣᠯ ᠭᠤᠷᠤᠬ᠎ᠠ᠂ ᠨᠠᠭᠤᠷ ᠲᠣᠭᠤᠷᠢᠮ᠂ ᠪᠤᠯᠠᠭ ᠱᠠᠩᠳᠠ ᠰᠢᠷᠭᠢᠵᠡᠢ

2023 ᠣᠨ ᠤ ᠭᠤᠷᠪᠠᠳᠤᠭᠠᠷ ᠰᠠᠷ᠎ᠠ ᠶᠢᠨ 22 ᠤ ᠡᠳᠦᠷ ᠲᠣᠬᠢᠶᠠᠬᠤ︽ᠳᠡᠯᠡᠬᠡᠢ ᠶᠢᠨ ᠤᠰᠤᠨ ᠤ ᠡᠳᠦᠷ︾ ᠢ ᠲᠣᠬᠢᠶᠠᠯᠳᠤᠭᠤᠯᠤᠨ ᠮᠣᠩᠭᠤᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠶᠢᠨ ᠰᠠᠨᠠᠭᠠᠴᠢᠯᠠᠭ᠎ᠠ ᠪᠠᠷ︽ᠴᠡᠩᠭᠡᠷ ᠠᠯᠳᠠ︾ᠤᠰᠤᠨ ᠤ ᠰᠠᠯᠪᠤᠷᠢ ᠶᠢᠨ ᠦᠨᠳᠦᠰᠦᠨ ᠤ ᠴᠢᠭᠤᠯᠭᠠᠨ ᠢ ᠭᠤᠷᠪᠠᠳᠤᠭᠠᠷ ᠰᠠᠷ᠎ᠠ ᠶᠢᠨ 20-24 ᠤ ᠡᠳᠦᠷ ᠵᠣᠬᠢᠶᠠᠨ ᠪᠠᠶᠢᠭᠤᠯᠤᠨ᠎ᠠ᠃

ᠴᠢᠭᠤᠯᠭᠠᠨ ᠢ ᠤᠭᠲᠤᠵᠤ᠂︽ᠭᠠᠵᠠᠷ ᠤᠨ ᠳᠣᠣᠷᠠᠬᠢ ᠤᠰᠤᠨ ᠤ ᠨᠥᠭᠡᠴᠡ ᠪᠠ ᠲᠤᠯᠭᠠᠮᠳᠠᠭᠰᠠᠨ ᠠᠰᠠᠭᠤᠳᠠᠯ ᠤᠳ︾ᠰᠡᠳᠦᠪᠲᠤ ᠰᠠᠯᠪᠤᠷᠢ ᠬᠤᠷᠠᠯᠳᠤᠭᠠᠨ 20 ᠤ ᠡᠳᠦᠷ᠂︽ᠭᠠᠳᠠᠷᠭᠤ ᠶᠢᠨ ᠤᠰᠤᠨ ᠤ ᠨᠥᠭᠡᠴᠡ ᠪᠠ ᠲᠤᠯᠭᠠᠮᠳᠠᠭᠰᠠᠨ ᠠᠰᠠᠭᠤᠳᠠᠯ ᠤᠳ︾ᠰᠡᠳᠦᠪᠲᠤ ᠰᠠᠯᠪᠤᠷᠢ ᠬᠤᠷᠠᠯᠳᠤᠭᠠᠨ 21  ᠤ ᠡᠳᠦᠷ᠂︽ᠤᠰᠤᠨ ᠤ ᠰᠠᠯᠪᠤᠷᠢ ᠶᠢᠨ ᠡᠷᠭᠡ ᠵᠦᠢ ᠶᠢᠨ ᠣᠷᠴᠢᠨ ᠪᠠ ᠲᠤᠯᠭᠠᠮᠳᠠᠭᠰᠠᠨ ᠠᠰᠠᠭᠤᠳᠠᠯ ᠤᠳ︾ ᠰᠡᠳᠦᠪᠲᠤ ᠰᠠᠯᠪᠤᠷᠢ ᠬᠤᠷᠠᠯᠳᠤᠭᠠᠨ  22 ᠤ ᠡᠳᠦᠷ ᠪᠣᠯᠤᠨ᠎ᠠ᠃
ᠮᠣᠩᠭᠤᠯ ᠤᠯᠤᠰ ᠤᠨ ᠨᠤᠳᠤᠬ ᠳᠡᠪᠢᠰᠬᠡᠷ ᠤᠨ 77 ᠣᠷᠴᠢᠮ ᠬᠤᠪᠢ ᠨᠢ ᠴᠥᠯᠵᠢᠵᠦ᠂ ᠳᠣᠷᠣᠶᠢᠲᠠᠭᠰᠠᠨ ᠪᠥᠭᠡᠳ 2022 ᠣᠨ ᠤ ᠪᠠᠶᠢᠳᠠᠯ ᠢᠶᠠᠷ 362 ᠭᠤᠣᠯ ᠭᠤᠷᠤᠬ᠎ᠠ᠂ ᠨᠠᠭᠤᠷ ᠲᠣᠭᠤᠷᠢᠮ᠂ ᠪᠤᠯᠠᠭ ᠱᠠᠩᠳᠠ ᠰᠢᠷᠭᠢᠵᠡᠢ᠃

ᠰᠡᠳᠬᠢᠭᠳᠡᠯ ᠦᠯᠡᠳᠡᠭᠡᠬᠦ