ᠶᠡᠷᠦᠩᠬᠡᠶᠢᠯᠡᠭᠴᠢ ᠤ᠊·ᠬᠦᠷᠡᠯᠰᠦ᠋ᠬᠡ ᠥᠨᠥᠳᠥᠷ ᠪᠠᠶᠠᠨ ᠥᠯᠥᠭᠡᠶ ᠠᠶᠢᠮᠠᠭ ᠲᠤ ᠠᠵᠢᠯᠯᠠᠵᠤ ᠪᠠᠶᠢᠨ᠎ᠡ᠃ ᠲᠡᠭᠦᠨ ᠢ ᠥᠯᠥᠭᠡᠶ ᠬᠤᠲᠠ ᠳᠤ ᠬᠦᠷᠦᠯᠴᠡᠨ ᠢᠷᠡᠬᠦ ᠳᠤ ᠪᠠᠶᠠᠨ ᠥᠯᠥᠭᠡᠶ ᠠᠶᠢᠮᠠᠭ ᠤᠨ ᠢᠷᠭᠡᠳ ᠤᠨ ᠲᠥᠯᠥᠭᠡᠯᠡᠭᠴᠢᠳ ᠤᠨ ᠬᠤᠷᠠᠯ ᠤᠨ ᠳᠠᠷᠤᠭ᠎ᠠ ᠱ᠊ ·ᠾᠠᠸᠢᠯ᠂ ᠠᠶᠢᠮᠠᠭ ᠤᠨ ᠵᠠᠰᠠᠭ ᠳᠠᠷᠤᠭ᠎ᠠ ᠶᠢᠨ ᠣᠷᠤᠯᠠᠭᠴᠢ ᠬ᠊ ·ᠠᠷᠮᠠᠨ ᠨᠠᠷ ᠤᠭᠲᠤᠵᠠᠢ᠃
ᠺᠠᠽᠠᠭ ᠲᠦᠮᠡᠨ ᠤ ᠨᠠᠤᠷᠢᠽ ᠤᠨ ᠪᠠᠶᠠᠷ ᠢ ᠲᠣᠬᠢᠶᠠᠯᠳᠤᠭᠤᠯᠤᠨ ᠶᠡᠷᠦᠩᠬᠡᠶᠢᠯᠡᠭᠴᠢ ᠤ᠊·ᠬᠦᠷᠡᠯᠰᠦ᠋ᠬᠡ ᠵᠠᠷᠯᠢᠭ ᠭᠠᠷᠭᠠᠵᠤ᠂ ᠡᠷᠬᠢᠯᠡᠭᠰᠡᠨ ᠠᠵᠢᠯ᠂ ᠰᠠᠯᠪᠤᠷᠢ ᠳᠠᠭᠠᠨ ᠦᠷ᠎ᠡ ᠪᠦᠲᠦᠭᠡᠯ ᠲᠡᠢ ᠠᠵᠢᠯᠯᠠᠵᠤ᠂ ᠤᠯᠤᠰ ᠣᠷᠣᠨ ᠤ ᠪᠠᠨ ᠬᠥᠭᠵᠢᠯ ᠳᠡᠪᠰᠢᠯ ᠳᠤ ᠪᠣᠳᠠᠲᠠᠢ ᠬᠤᠪᠢ ᠨᠡᠮᠡᠷᠢ ᠣᠷᠣᠭᠤᠯᠵᠤ ᠪᠤᠶ ᠬᠥᠮᠥᠰ ᠲᠤ ᠲᠥᠷᠦ ᠶᠢᠨ ᠲᠡᠭᠡᠳᠦ ᠴᠣᠯᠠ᠂ ᠣᠳᠣᠨ᠂ ᠮᠧᠳᠠᠯ ᠭᠠᠷᠳᠠᠭᠤᠯᠤᠯ᠎ᠠ᠃