ᠴᠥᠯᠵᠢᠯᠲᠡ ᠲᠠᠢ ᠲᠡᠮᠡᠴᠡᠬᠦ ᠤᠯᠠᠨ ᠤᠯᠤᠰ ᠤᠨ ᠪᠠᠭ᠎ᠠ ᠬᠤᠷᠠᠯ  ᠤᠨ ᠪᠡᠯᠡᠳᠬᠡᠯ ᠢ ᠬᠠᠩᠭᠠᠵᠤ ᠪᠠᠢᠨ᠎ᠠ | News.MN

ᠴᠥᠯᠵᠢᠯᠲᠡ ᠲᠠᠢ ᠲᠡᠮᠡᠴᠡᠬᠦ ᠤᠯᠠᠨ ᠤᠯᠤᠰ ᠤᠨ ᠪᠠᠭ᠎ᠠ ᠬᠤᠷᠠᠯ  ᠤᠨ ᠪᠡᠯᠡᠳᠬᠡᠯ ᠢ ᠬᠠᠩᠭᠠᠵᠤ ᠪᠠᠢᠨ᠎ᠠ

ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠤᠰᠤᠨ ᠤ ᠪᠠᠭ᠎ᠠ ᠬᠤᠷᠠᠯ ᠭᠤᠷᠪᠠᠳᠤᠭᠠᠷ ᠰᠠᠷ᠎ᠠ ᠶᠢᠨ 22-24 ᠤ ᠡᠳᠦᠷ ᠤᠳ ᠲᠤ  ᠨᠢᠦ᠋ ᠶᠤᠷᠺ ᠬᠤᠲᠠᠨ᠎ᠠ ᠪᠣᠯᠵᠤ᠂ ᠤᠰᠤᠨ ᠤ ᠠᠰᠭᠠᠤᠳᠠᠯ ᠲᠠᠢ ᠬᠤᠯᠪᠤᠭ᠎ᠠ ᠲᠠᠢ 2018-2028 ᠣᠨ ᠤ ᠣᠯᠠᠨ ᠤᠯᠤᠰ ᠤᠨ ᠦᠶᠯᠡ ᠠᠵᠢᠯᠯᠠᠭᠠᠨ ᠤ ᠵᠣᠷᠢᠯᠲᠠ ᠨᠤᠭᠤᠳ ᠤᠨ ᠳᠤᠮᠳᠠ ᠬᠤᠭᠤᠴᠠᠭᠠᠨ ᠤ ᠬᠡᠷᠡᠭᠵᠢᠯᠲᠡ ᠶᠢ ᠬᠢᠨᠠᠨ ᠬᠡᠯᠡᠯᠴᠡᠵᠦ ᠪᠠᠶᠢᠨ᠎ᠡ᠃ ᠡᠨᠡ ᠬᠦ ᠪᠠᠭ᠎ᠠ ᠬᠤᠷᠠᠯ ᠢ ᠨᠢᠳᠧᠷᠯᠠᠨᠳ᠋᠂ ᠲᠠᠵᠢᠺᠰᠲ᠋ᠠᠨ ᠤᠯᠤᠰ ᠬᠠᠮᠲᠤᠷᠠᠨ ᠳᠠᠷᠤᠭᠠᠯᠠᠵᠤ᠂170 ᠭᠠᠷᠦᠢ ᠤᠯᠤᠰ ᠤᠨ ᠦᠡᠳᠦᠷ ᠲᠦᠪᠰᠢᠨ ᠤ ᠲᠥᠯᠦᠭᠡᠯᠡᠭᠴᠢᠳ ᠣᠷᠣᠯᠴᠠᠵᠤ ᠪᠠᠶᠢᠨ᠎ᠡ᠃
ᠮᠣᠩᠭᠤᠯ ᠤᠯᠤᠰ ᠠᠴᠠ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠳᠡᠷᠭᠡᠳᠡ ᠰᠠᠭᠤᠭ᠎ᠠ ᠪᠠᠶᠢᠩᠭᠤ ᠶᠢᠨ ᠲᠥᠯᠦᠭᠡᠯᠡᠭᠴᠢ ᠸ᠊ ·ᠡᠩᠬᠡᠪᠣᠯᠣᠳ ᠪᠠᠭ᠎ᠠ ᠬᠤᠷᠠᠯ ᠤᠨ 23 ᠤ ᠡᠳᠦᠷ ᠤᠨ ᠶᠡᠷᠦᠩᠬᠡᠶ ᠰᠠᠨᠠᠯ ᠰᠢᠭᠦᠮᠵᠢᠯᠡᠯ ᠳᠤ ᠣᠷᠣᠯᠴᠠᠵᠤ᠂ ᠦᠭᠡ ᠬᠡᠯᠡᠯ᠎ᠡ᠃ ᠲᠡᠷᠡ ᠪᠠᠷ ᠬᠡᠯᠡᠭᠰᠡᠨ ᠦᠭᠡᠨ ᠳᠡᠭᠡᠨ᠂ ᠤᠰᠤᠨ ᠤ ᠲᠤᠬᠠᠢ ᠵᠠᠰᠠᠭ ᠤᠨ ᠭᠠᠵᠠᠷ ᠤᠨ ᠪᠣᠳᠤᠯᠭ᠎ᠠ᠂ ᠦᠶᠯᠡ ᠠᠵᠢᠯᠯᠠᠭ᠎ᠠ᠂︽ᠪᠠᠲᠤᠯᠠᠭᠠᠲᠤ ᠤᠮᠳᠠᠨ ᠤ ᠤᠰᠤ᠂ ᠠᠷᠢᠭᠤᠨ ᠴᠡᠪᠡᠷ ᠤᠨ ᠪᠠᠶᠢᠭᠤᠯᠤᠮᠵᠢ ᠪᠠᠷ ᠬᠠᠩᠭᠠᠬᠤ︾ᠲᠤᠬᠠᠶ ᠲᠣᠭᠲᠠᠪᠤᠷᠢᠲᠠᠶ ᠬᠥᠭᠵᠢᠯ ᠤᠨ ᠵᠣᠷᠢᠯᠭ᠎ᠠ  ᠵᠢᠷᠭᠤᠭ᠎ᠠ ᠶᠢᠨ ᠬᠡᠷᠡᠭᠵᠢᠯᠲᠡ᠂︽ᠲᠡᠷᠪᠤᠮ ᠮᠣᠳᠤ︾ᠦᠨᠳᠦᠰᠦᠨ ᠤ ᠬᠥᠳᠡᠯᠭᠡᠭᠡᠨ ᠤ ᠬᠦᠷᠢᠶᠡᠨ ᠳᠤ ᠠᠪᠴᠤ ᠬᠡᠷᠡᠭᠵᠢᠭᠦᠯᠵᠦ ᠪᠤᠶ ᠠᠷᠭ᠎ᠠ ᠬᠡᠮᠵᠢᠶᠡᠨ ᠤ ᠲᠤᠬᠠᠢ ᠲᠠᠨᠢᠯᠴᠠᠭᠤᠯᠵᠤ᠂  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠴᠥᠯᠵᠢᠯᠲᠡ ᠲᠠᠢ ᠲᠡᠮᠡᠴᠡᠬᠦ ᠺᠣᠨ᠋ᠸᠧᠨ᠋ᠼ ᠤᠨ ᠲᠠᠯ᠎ᠠ ᠨᠤᠭᠤᠳ ᠤᠨ 17 ᠳ᠋ᠤᠭᠠᠷ ᠪᠠᠭ᠎ᠠ ᠬᠤᠷᠠᠯ ᠢ 2026 ᠣᠨ ᠳᠤ ᠮᠣᠩᠭᠤᠯ ᠤᠯᠤᠰ ᠲᠤ ᠵᠣᠬᠢᠶᠠᠨ ᠪᠠᠶᠢᠭᠤᠯᠬᠤ ᠪᠠᠷ ᠪᠡᠯᠡᠦᠡᠭᠡᠯ ᠠᠵᠢᠯ ᠢ ᠬᠠᠩᠭᠠᠵᠤ ᠪᠤᠢ ᠶᠢ ᠣᠨᠴᠠᠯᠠᠵᠠᠢ᠃

ᠰᠡᠳᠬᠢᠭᠳᠡᠯ ᠦᠯᠡᠳᠡᠭᠡᠬᠦ