ᠰᠣᠶᠤᠯ ᠤᠨ ᠰᠠᠶᠢᠳ ᠴ᠊·ᠨᠣᠮᠢᠨ ᠭᠧᠷᠮᠠᠨ ᠤᠯᠤᠰ  ᠤᠨ ᠡᠯᠴᠢᠨ ᠰᠠᠶᠢᠳ ᠲᠠᠢ ᠠᠭᠤᠯᠵᠠᠯ᠎ᠠ | News.MN

 ᠰᠣᠶᠤᠯ ᠤᠨ ᠰᠠᠶᠢᠳ ᠴ᠊·ᠨᠣᠮᠢᠨ ᠭᠧᠷᠮᠠᠨ ᠤᠯᠤᠰ  ᠤᠨ ᠡᠯᠴᠢᠨ ᠰᠠᠶᠢᠳ ᠲᠠᠢ ᠠᠭᠤᠯᠵᠠᠯ᠎ᠠ

ᠰᠣᠶᠤᠯ ᠤᠨ ᠰᠠᠶᠢᠳ ᠴ᠊·ᠨᠣᠮᠢᠨ ᠥᠨᠥᠳᠥᠷ ᠬᠤᠯᠪᠤᠭᠠᠨ ᠤ ᠪᠦᠬᠦᠳᠠ ᠨᠠᠶᠢᠷᠠᠮᠳᠠᠬᠤ ᠭᠧᠷᠮᠡᠠ ᠤᠯᠤᠰ ᠠᠴᠠ ᠮᠣᠩᠭᠤᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠠ ᠡᠷᠬᠡᠲᠦ ᠡᠯᠴᠢᠨ ᠰᠠᠶᠢᠳ ᠨᠣᠶᠠᠨ ᠶᠤᠷᠡᠨ ᠷᠤᠽᠧᠨᠪᠧᠷᠡᠭ ᠢ ᠰᠣᠶᠤᠯ ᠤᠨ ᠶᠠᠮᠤᠨ ᠳᠤ ᠬᠦᠯᠢᠶᠡᠨ ᠠᠪᠴᠤ ᠠᠭᠤᠯᠵᠠᠯ᠎ᠠ᠃
ᠮᠣᠩᠭᠤᠯ ᠤᠯᠤᠰ ᠤᠨ ᠶᠡᠷᠦᠩᠬᠡᠶ ᠰᠠᠶᠢᠳ ᠯ᠊ ·ᠤᠶᠤᠡᠡᠷᠳᠡᠨᠢ 2022 ᠣᠨ ᠳᠤ  ᠬᠤᠯᠪᠣᠭᠠᠨ ᠤ ᠪᠦᠭᠦᠳᠡ ᠨᠠᠶᠢᠷᠠᠮᠳᠠᠬᠤ ᠭᠧᠷᠮᠠᠨ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠬᠦ ᠦᠶ᠎ᠡ ᠪᠠᠷ ᠬᠤᠶᠠᠷ ᠣᠷᠣᠨ ᠤ ᠵᠠᠰᠠᠭ ᠤᠨ ᠭᠠᠵᠠᠷ ᠤᠨ ᠲᠡᠷᠢᠬᠦᠠ ᠨᠠᠷ 2024 ᠣᠨ ᠳᠤ ᠲᠣᠬᠢᠶᠠᠬᠤ ᠳ᠋ᠢᠫᠯᠤᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠤᠨ ᠣᠢ ᠶᠢ ᠬᠠᠮᠲᠤᠷᠠᠨ ᠲᠡᠮᠳᠡᠭᠯᠡᠬᠦ ᠪᠠᠨ ᠢᠯᠡᠷᠬᠡᠢᠯᠡᠵᠦ᠂︽ᠮᠣᠩᠭᠤᠯ ᠭᠧᠷᠮᠠᠨ ᠤ ᠰᠤᠶᠦᠯ ᠪᠣᠯᠪᠠᠰᠤᠷᠠᠯ ᠤᠨ ᠵᠥᠪᠯᠡᠯᠳᠦᠬᠦ ᠠᠭᠤᠯᠵᠠᠯᠲᠠ︾ ᠶᠢ ᠡᠨᠡ ᠣᠨ ᠳᠤ ᠵᠣᠬᠢᠶᠠᠨ ᠪᠠᠶᠢᠭᠤᠯᠬᠤ ᠪᠠᠷ ᠲᠣᠪᠯᠠᠭᠰᠠᠨ ᠶᠤᠮ᠃ ᠠᠭᠤᠯᠵᠠᠯᠲᠠ ᠪᠠᠷ ᠬᠠᠮᠲᠤᠷᠠᠨ ᠬᠡᠷᠡᠭᠵᠢᠭᠦᠯᠬᠦ ᠠᠷᠭ᠎ᠠ ᠬᠡᠮᠵᠢᠶᠡᠨ ᠤ ᠠᠰᠠᠭᠤᠳᠠᠯ ᠢ ᠬᠡᠯᠡᠯᠴᠡᠬᠦ ᠪᠠᠷ ᠬᠤᠶᠠᠷ ᠲᠠᠯ᠎ᠠ ᠶᠠᠷᠢᠯᠴᠠᠪᠠ᠃
ᠰᠣᠶᠤᠯ ᠤᠨ ᠰᠠᠶᠢᠳ ᠴ᠊ ·ᠨᠣᠮᠢᠨ︽ᠪᠠᠶᠠᠨ ᠮᠣᠩᠭᠤᠯ︾ᠴᠢᠭᠤᠯᠭ᠎ᠠ ᠭᠧᠷᠮᠡᠠ ᠤᠯᠤᠰ  ᠲᠤ ᠢᠷᠡᠬᠦ ᠰᠠᠷ᠎ᠠ ᠳᠤ ᠵᠣᠬᠢᠶᠠᠨ ᠪᠠᠶᠢᠭᠤᠯᠤᠭᠳᠠᠬᠤ Jazzahead ᠣᠯᠠᠨ ᠤᠯᠤᠰ ᠤᠨ ᠵᠠᠽᠽ ᠬᠥᠭᠵᠢᠮ ᠤᠨ ᠨᠠᠭᠠᠳᠤᠮ ᠳᠤ ᠣᠷᠣᠯᠴᠠᠬᠤ ᠪᠠᠷ ᠪᠡᠯᠡᠳᠬᠡᠵᠦ ᠪᠠᠶᠢᠭ᠎ᠠ ᠲᠤᠬᠠᠢ ᠬᠡᠯᠡᠵᠦ᠂ ᠳᠡᠯᠡᠬᠡᠢ ᠶᠢᠨ ᠨᠡᠷ᠎ᠡ ᠬᠦᠨᠳᠦ ᠪᠦᠬᠦᠢ ᠡᠨᠡ ᠬᠦ ᠹᠧᠰᠲ᠋ᠢᠸᠠᠯᠢ ᠳᠤ ᠮᠣᠩᠭᠤᠯ ᠤᠯᠤᠰ ᠢ ᠲᠥᠯᠥᠭᠡᠯᠡᠨ ᠤᠷᠦᠯᠴᠡᠬᠤ ᠴᠢᠭᠤᠯᠭ᠎ᠠ ᠶᠢᠨ ᠤᠷᠠᠨ ᠪᠦᠲᠦᠭᠡᠯᠴᠢᠳ ᠢ ᠨᠣᠶᠠᠨ ᠡᠯᠴᠢᠨ ᠰᠠᠶᠢᠳ  ᠳᠡᠮᠵᠢᠨ ᠠᠵᠢᠯᠯᠠᠬᠤ ᠶᠢ ᠬᠦᠰᠡᠯ᠎ᠡ᠃
ᠮᠦᠠ  ᠬᠤᠯᠪᠣᠭᠠᠨ ᠤ ᠪᠦᠭᠦᠳᠡ ᠨᠠᠶᠢᠷᠠᠮᠳᠠᠬᠤ ᠭᠧᠷᠮᠠᠨ ᠤᠯᠤᠰ ᠲᠤ ᠵᠢᠯ ᠪᠦᠷᠢ ᠤᠯᠠᠮᠵᠢᠯᠠᠯ ᠪᠤᠯᠦᠠ ᠵᠣᠬᠢᠶᠠᠨ ᠪᠠᠶᠢᠭᠤᠯᠳᠠᠭ ᠨᠤᠷᠳ᠋ ᠠᠷᠲ ᠣᠯᠠᠨ ᠤᠯᠤᠰ ᠤᠨ ᠳᠦᠷᠰᠦᠯᠡᠬᠦ ᠤᠷᠠᠯᠢᠭ ᠤᠨ ᠦᠵᠡᠰᠬᠦᠯᠡᠩ ᠳᠤ ᠮᠣᠩᠭᠣᠯ ᠤᠨ ᠳᠦᠷᠰᠦᠯᠡᠬᠦ ᠤᠷᠠᠯᠢᠭ ᠤᠨ ᠰᠠᠯᠪᠤᠷᠢ ᠶᠢᠨ ᠲᠥᠯᠥᠭᠡᠯᠡᠯ ᠢ ᠦᠷᠭᠦᠯᠵᠢᠯᠡᠭᠦᠯᠦᠨ ᠣᠷᠣᠯᠴᠠᠭᠤᠯᠬᠤ ᠳᠤ ᠬᠠᠮᠲᠤᠷᠠᠨ ᠠᠵᠢᠯᠯᠠᠬᠤ ᠪᠠᠷ ᠲᠣᠬᠢᠷᠠᠯᠴᠠᠭᠰᠠᠨ ᠲᠡᠳᠦᠢ ᠦᠭᠡᠢ 2023 ᠣᠨ ᠳᠤ ᠮᠣᠩᠭᠤᠯ᠂ ᠭᠧᠷᠮᠠᠨ ᠤ ᠳᠦᠷᠰᠦᠯᠡᠬᠦ ᠤᠷᠠᠯᠢᠭ ᠤᠨ ᠰᠢᠮᠫᠣᠽᠢᠦᠮ ᠪᠠᠶᠢᠭᠤᠯᠬᠤ  ᠲᠤᠬᠠᠢ ᠰᠠᠨᠠᠯ ᠰᠣᠯᠢᠯᠴᠠᠪᠠ᠃

ᠰᠡᠳᠬᠢᠭᠳᠡᠯ ᠦᠯᠡᠳᠡᠭᠡᠬᠦ