ᠬ᠋᠊ · ᠽᠠᠨᠳᠠᠨᠰᠢᠲᠠᠷ᠎ᠠ ᠮᠣᠩᠭᠤᠯ ᠤᠯᠤᠰ ᠲᠤ ᠰᠢᠨ᠎ᠡ ᠪᠠᠷ ᠲᠣᠮᠢᠯᠠᠭᠳᠠᠭᠰᠠᠨ ᠡᠯᠴᠢᠨ ᠰᠠᠶᠢᠳ ᠨᠠᠷ ᠲᠠᠢ ᠠᠭᠤᠯᠵᠠᠪᠠ | News.MN

ᠬ᠋᠊ · ᠽᠠᠨᠳᠠᠨᠰᠢᠲᠠᠷ᠎ᠠ ᠮᠣᠩᠭᠤᠯ ᠤᠯᠤᠰ ᠲᠤ ᠰᠢᠨ᠎ᠡ ᠪᠠᠷ ᠲᠣᠮᠢᠯᠠᠭᠳᠠᠭᠰᠠᠨ ᠡᠯᠴᠢᠨ ᠰᠠᠶᠢᠳ ᠨᠠᠷ ᠲᠠᠢ ᠠᠭᠤᠯᠵᠠᠪᠠ

ᠮᠣᠩᠭᠤᠯ ᠤᠯᠤᠰ ᠤᠨ ᠶᠡᠭᠡ ᠬᠤᠷᠠᠯ ᠤᠨ ᠳᠠᠷᠤᠭ᠎ᠠ ᠬ᠋᠊·ᠽᠠᠨᠳᠠᠨᠰᠢᠲᠠᠷ᠎ᠠ 2023 ᠣᠨ ᠤ ᠭᠤᠷᠪᠠᠳᠤᠭᠠᠷ ᠰᠠᠷ᠎ᠠ ᠶᠢᠨ 28 ᠤ ᠡᠳᠦᠷ  ᠰᠸᠧᠳ᠋ᠸᠠ ᠤ ᠬᠠᠭᠠᠨᠲᠤ ᠤᠯᠤᠰ ᠪᠤᠯᠦᠠ ᠪᠦᠬᠦᠳᠠ ᠨᠠᠶᠢᠷᠠᠮᠳᠠᠬᠤ ᠹᠢᠨᠯᠠᠨᠳ᠋ ᠤᠯᠤᠰ ᠠᠴᠠ ᠮᠣᠩᠭᠤᠯ ᠤᠯᠤᠰ ᠲᠤ ᠬᠠᠪᠰᠤᠷᠤᠨ ᠰᠠᠭᠤᠭ᠎ᠠ ᠣᠨᠴᠠ ᠪᠥᠭᠡᠳ ᠪᠦᠷᠢᠠ ᠡᠷᠬᠡᠲᠦ ᠡᠯᠴᠢᠨ ᠰᠠᠶᠢᠳ ᠨᠠᠷ ᠢ ᠲᠤᠰ ᠲᠤᠰ ᠬᠦᠯᠢᠶᠡᠨ ᠠᠪᠴᠤ ᠠᠭᠤᠯᠵᠠᠯ᠎ᠠ᠃
ᠰᠸᠧᠳ᠋ᠸᠠ ᠤ ᠬᠠᠭᠠᠨᠲᠤ ᠤᠯᠤᠰ  ᠠᠴᠠ ᠮᠣᠩᠭᠤᠯ ᠤᠯᠤᠰ ᠲᠤ ᠬᠠᠪᠰᠤᠷᠤᠨ ᠰᠠᠭᠤᠭ᠎ᠠ ᠡᠯᠴᠢᠨ ᠰᠠᠶᠢᠳ ᠾᠧᠯᠧᠨᠠ ᠰᠤᠩᠭ᠍ᠸᠯᠠᠨᠳ᠋ ᠮᠣᠩᠭᠤᠯ ᠤᠯᠤᠰ ᠲᠤ ᠬᠠᠪᠰᠤᠷᠤᠨ ᠰᠠᠭᠤᠬᠤ᠂ ᠮᠦᠠ ᠭᠤᠷᠪᠠᠳᠠᠬᠢ ᠤᠳᠠᠭ᠎ᠠ ᠪᠠᠨ ᠡᠶᠢᠨ ᠬᠦ ᠵᠤᠴᠢᠯᠡᠬᠤ ᠪᠣᠯᠣᠭᠰᠠᠨ ᠳᠤ ᠲᠦᠢᠯ ᠤᠨ ᠪᠡᠶᠡᠷ ᠲᠠᠢ ᠪᠠᠶᠢᠨ᠎ᠡ᠃ ᠰᠸᠧᠳ᠋ᠸᠠ᠂  ᠮᠣᠩᠭᠣᠯ ᠤᠨ ᠬᠤᠭᠤᠷᠦᠡᠳᠦ ᠳ᠋ᠢᠫᠯᠤᠮᠠᠲ ᠬᠠᠷᠢᠯᠴᠠᠭ᠎ᠠ ᠲᠣᠭᠲᠠᠭᠠᠭᠰᠠᠨ ᠤ 60 ᠵᠢᠯ ᠤᠨ ᠣᠶ ᠢᠷᠡᠬᠦ ᠵᠢᠯ ᠲᠣᠬᠢᠶᠠᠬᠤ ᠪᠥᠭᠡᠳ ᠲᠠᠯ᠎ᠠ ᠨᠤᠭᠤᠳ ᠬᠠᠮᠲᠤᠷᠠᠨ ᠲᠡᠮᠳᠡᠭᠯᠡᠵᠦ᠂ ᠬᠤᠶᠠᠷ ᠣᠷᠣᠨ ᠤ ᠬᠠᠮᠲᠤ ᠶᠢᠨ ᠠᠵᠢᠯᠯᠠᠭ᠎ᠠ ᠶᠢ ᠳᠡᠮᠵᠢᠭᠰᠡᠨ ᠣᠯᠠᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠭᠳᠠᠨ᠎ᠠ ᠭᠡᠳᠡᠭ ᠲᠤ ᠢᠲᠡᠭᠡᠯ ᠲᠠᠢ ᠪᠠᠶᠢᠨ᠎ᠡ ᠭᠡᠪᠡ᠃ ᠮᠦᠠ ᠤᠯᠤᠰ ᠤᠨ ᠶᠡᠭᠡ ᠬᠤᠷᠠᠯ ᠳᠠᠬᠢ ᠮᠣᠩᠭᠤᠯ ᠰᠸᠧᠳ᠋ᠸᠠ ᠤ ᠫᠠᠷᠯᠠᠮᠧᠨ᠋ᠲ ᠤᠨ  ᠪᠦᠯᠦᠭ ᠪᠠᠶᠢᠭᠤᠯᠤᠭᠰᠠᠨ ᠳᠤ ᠲᠠᠯᠠᠷᠬᠠᠯ ᠢᠯᠡᠷᠬᠡᠶᠢᠯᠡᠪᠡ᠃
ᠪᠦᠬᠦᠳᠠ ᠨᠠᠶᠢᠷᠠᠮᠳᠠᠬᠤ ᠹᠢᠨᠯᠠᠨᠳ᠋ ᠤᠯᠤᠰ ᠠᠴᠠ ᠮᠣᠩᠭᠤᠯ ᠤᠯᠤᠰ ᠲᠤ ᠬᠠᠪᠰᠤᠷᠤᠨ ᠰᠠᠭᠤᠭ᠎ᠠ ᠣᠨᠴᠠ ᠪᠥᠭᠡᠳ ᠪᠦᠷᠢᠠ ᠡᠷᠬᠡᠲᠦ ᠡᠯᠴᠢᠨ ᠰᠠᠶᠢᠳ ᠬᠠᠲᠤᠭᠲᠠᠶ ᠯᠢᠨᠠ ᠺᠠᠢᠰᠠ ᠮᠢᠺᠺᠤᠯᠠ  ᠳᠤ ᠬ᠋᠊·ᠽᠠᠨᠳᠠᠨᠰᠢᠲᠠᠷ᠎ᠠ ᠮᠣᠩᠭᠤᠯ ᠤᠯᠤᠰ ᠲᠤ ᠲᠣᠮᠢᠯᠠᠭᠳᠠᠨ ᠠᠵᠢᠯᠯᠠᠬᠤ ᠪᠣᠯᠣᠭᠰᠠᠨ ᠳᠤ ᠪᠡᠶᠡᠷ ᠬᠦᠷᠭᠡᠵᠦ᠂ ᠠᠵᠢᠯ ᠤᠨ ᠦᠡᠳᠦᠷ  ᠠᠮᠵᠢᠯᠲᠠ ᠬᠦᠰᠡᠪᠡ᠃

ᠡᠯᠴᠢᠨ ᠰᠠᠶᠢᠳ ᠬᠠᠲᠤᠭᠲᠠᠶ ᠯᠢᠨᠠ ᠺᠠᠢᠰᠠ ᠮᠢᠺᠺᠤᠯᠠ ᠤᠯᠤᠰ ᠤᠨ ᠶᠡᠭᠡ ᠬᠤᠷᠠᠯ ᠤᠨ ᠳᠠᠷᠤᠭ᠎ᠠ ᠶᠢ ᠴᠠᠬ ᠵᠠᠪ ᠭᠠᠷᠭᠠᠨ ᠬᠦᠯᠢᠶᠡᠨ ᠠᠪᠴᠤ ᠠᠭᠤᠯᠵᠠᠵᠤ ᠪᠠᠢᠭ᠎ᠠ ᠳᠤ ᠲᠠᠯᠠᠷᠬᠠᠯ ᠢᠯᠡᠷᠬᠡᠶᠢᠯᠡᠭᠡᠳ ᠮᠣᠩᠭᠤᠯ ᠤᠯᠤᠰ ᠨᠢ ᠹᠢᠨᠯᠠᠨᠳ᠋ ᠤᠯᠤᠰ ᠲᠡᠳᠦᠢ ᠦᠭᠡᠢ ᠡᠸᠦ᠋ᠷᠦᠫᠡ ᠶᠢᠨ ᠬᠤᠯᠪᠤᠭᠠᠨ ᠤ ᠤᠯᠤᠰ ᠤᠳ ᠤᠨ ᠴᠢᠬᠤᠯᠠ ᠲᠦᠩᠰᠢ ᠣᠷᠣᠨ ᠪᠣᠯᠬᠤ ᠶᠢ ᠲᠡᠮᠳᠡᠭᠯᠡᠪᠡ᠃ ᠲᠡᠷᠡ ᠪᠠᠷ᠂ ᠮᠠᠨ ᠤ ᠬᠤᠶᠠᠷ ᠤᠯᠤᠰ ᠤᠨ ᠬᠤᠭᠤᠷᠦᠡᠳᠦ ᠳ᠋ᠢᠫᠯᠤᠮᠠᠲ ᠬᠠᠷᠢᠯᠴᠠᠭ᠎ᠠ ᠲᠣᠭᠲᠠᠭᠠᠭᠰᠠᠨ ᠤ 60 ᠵᠢᠯ ᠤᠨ ᠣᠢ ᠶᠢ ᠥᠷᠭᠡᠨ ᠲᠡᠮᠳᠡᠭᠯᠡᠬᠦ ᠡᠷᠡᠮᠡᠯᠵᠡᠯ ᠲᠠᠢ ᠪᠠᠶᠢᠭ᠎ᠠ ᠪᠠᠨ ᠢᠯᠡᠷᠬᠡᠶᠢᠯᠡᠵᠦ᠂ ᠨᠡᠩ ᠢᠯᠠᠩᠭᠤᠶ᠎ᠠ ᠪᠣᠯᠪᠠᠰᠤᠷᠠᠯ ᠤᠨ ᠰᠠᠯᠪᠤᠷᠢ ᠳᠤ ᠲᠦᠯᠬᠢᠭᠦᠦ ᠠᠩᠬᠠᠷᠤᠯ ᠬᠠᠨᠳᠤᠭᠤᠯᠤᠨ ᠠᠵᠢᠯᠯᠠᠬᠤ ᠪᠠᠨ ᠢᠯᠡᠷᠬᠡᠶᠢᠯᠡᠪᠡ᠃

 

ᠰᠡᠳᠬᠢᠭᠳᠡᠯ ᠦᠯᠡᠳᠡᠭᠡᠬᠦ