︽ᠡᠷᠳᠡᠨᠢᠪᠦ᠋ᠷᠢᠨ︾ ᠤ ᠵᠢᠭᠡᠯᠡ ᠶᠢᠨ ᠬᠡᠯᠡᠯᠴᠡᠭᠡᠷ ᠢ ᠬᠣᠶᠠᠳᠤᠭᠠᠷ ᠤᠯᠠᠷᠢᠯ ᠳᠤ ᠬᠢᠨ᠎ᠡ | News.MN

︽ᠡᠷᠳᠡᠨᠢᠪᠦ᠋ᠷᠢᠨ︾ ᠤ ᠵᠢᠭᠡᠯᠡ ᠶᠢᠨ ᠬᠡᠯᠡᠯᠴᠡᠭᠡᠷ ᠢ ᠬᠣᠶᠠᠳᠤᠭᠠᠷ ᠤᠯᠠᠷᠢᠯ ᠳᠤ ᠬᠢᠨ᠎ᠡ

ᠵᠠᠰᠠᠭ ᠤᠨ ᠭᠠᠵᠠᠷ ᠤᠨ ᠡᠭᠡᠯᠵᠢᠲᠦ ᠬᠤᠷᠠᠯᠳᠤᠭᠠᠨ ᠠᠴᠠ ᠭᠠᠷᠭᠠᠭᠰᠠᠨ ᠰᠢᠢᠳᠪᠦᠷᠢ ᠨᠦᠭᠦᠳ ᠢ ᠲᠠᠨᠢᠯᠴᠠᠭᠤᠯᠵᠤ ᠪᠠᠶᠢᠨ᠎ᠠ᠃ ᠮᠥᠨ ᠦᠶ᠎ᠡ ᠪᠡᠷ ᠡᠷᠴᠢᠮ ᠬᠦᠴᠦᠨ ᠦ ᠰᠠᠶᠢᠳ ᠪ ∙ ᠴᠣᠶᠢᠵᠢᠯᠰᠦ᠋ᠷᠦᠩ᠄ ᠥᠨᠥᠳᠥᠷ ᠦᠨ ᠬᠤᠷᠠᠯᠳᠤᠭᠠᠨ ᠢᠶᠠᠷ ᠡᠷᠳᠡᠨᠢᠪᠦ᠋ᠷᠢᠨ ᠤ ᠤᠰᠤᠨ ᠴᠠᠬᠢᠯᠭᠠᠨ ᠰᠲ᠋ᠠᠨᠼ ᠤᠨ ᠲᠠᠯ᠎ᠠ ᠪᠠᠷ ᠠᠪᠬᠤ ᠠᠷᠭ᠎ᠠ ᠬᠡᠮᠵᠢᠶᠡᠨ ᠦ ᠲᠤᠬᠠᠢ  ᠵᠠᠰᠠᠭ ᠤᠨ ᠭᠠᠵᠠᠷ ᠤᠨ ᠲᠣᠭᠲᠠᠭᠠᠯ ᠪᠠᠲᠤᠯᠠᠭᠳᠠᠭᠰᠠᠨ᠃ ᠲᠧᠭᠨᠢᠭ ᠬᠢᠨᠠᠯᠲᠠ ᠶᠢᠨ ᠵᠠᠷᠤᠳᠠᠯ ᠪᠣᠯᠬᠤ 5 ᠣᠷᠴᠢᠮ ᠰᠠᠶ᠎ᠠ ᠳ᠋ᠣᠯᠯᠠᠷ ᠢ 2024-2027 ᠣᠨ ᠤ ᠤᠯᠤᠰ ᠤᠨ ᠲᠥᠰᠥᠪ ᠲᠦ ᠰᠠᠭᠤᠯᠠᠭᠠᠨ᠎ᠠ᠃ ᠬᠣᠶᠠᠳᠤᠭᠠᠷ ᠲᠤ᠂ ᠬᠥᠷᠥᠩᠭᠡ ᠶᠢᠨ ᠨᠥᠬᠥᠨ ᠦᠨᠡᠯᠡᠭᠡᠨ ᠦ ᠦᠯᠡᠳᠡᠭᠳᠡᠯ ᠲᠥᠯᠥᠪᠦᠷᠢ ᠪᠣᠯᠬᠤ 4 ᠣᠷᠴᠢᠮ ᠲᠡᠷᠪᠤᠮ ᠲᠥᠭᠥᠷᠢᠭ ᠦᠨ ᠡᠬᠢ ᠡᠭᠦᠰᠪᠦᠷᠢ ᠶᠢ 2024 ᠣᠨ ᠤ ᠤᠯᠤᠰ ᠤᠨ ᠲᠥᠰᠥᠪ ᠲᠦ ᠰᠠᠭᠤᠯᠭᠠᠨ᠎ᠠ ᠭᠡᠵᠦ ᠰᠢᠢᠳᠪᠦᠷᠢᠯᠡᠭᠰᠡᠨ᠃

1241 ᠢᠷᠭᠡᠨ ᠳᠦ ᠨᠥᠬᠥᠨ ᠣᠯᠭᠣᠪᠤᠷᠢ ᠪᠣᠯᠬᠤ 13.3 ᠲᠡᠷᠪᠤᠮ ᠲᠥᠭᠥᠷᠢᠭ ᠢ 2024 ᠣᠨ ᠳᠤ ᠪᠠᠭᠲᠠᠭᠠᠵᠤ ᠣᠯᠭᠤᠨ᠎ᠠ ᠭᠡᠬᠦ ᠰᠢᠢᠳᠪᠦᠷᠢ ᠭᠠᠷᠭᠠᠭᠰᠠᠨ᠃ ᠮᠦᠨ ᠤᠰᠤᠨ ᠰᠠᠩ ᠤᠨ ᠨᠥᠯᠥᠭᠡᠯᠡᠯ ᠳᠦ ᠠᠪᠲᠠᠬᠤ ᠰᠤᠶᠤᠯ ᠤᠨ ᠥᠪ ᠦᠳ  ᠢ ᠠᠪᠤᠷᠠᠨ ᠬᠠᠮᠠᠭᠠᠯᠠᠬᠤ ᠳᠤ 6 ᠣᠷᠴᠢᠮ ᠲᠡᠷᠪᠤᠮ ᠲᠥᠭᠥᠷᠢᠭ ᠬᠡᠷᠡᠭᠲᠡᠢ᠃ ᠡᠨᠡ ᠲᠥᠰᠥᠪ ᠢ 2024 ᠣᠨ ᠤ ᠲᠥᠰᠥᠪ ᠲᠦ ᠰᠠᠭᠤᠯᠭᠠᠨ᠎ᠠ ᠭᠡᠰᠡᠨ ᠰᠢᠢᠳᠪᠦᠷᠢ ᠭᠠᠷᠭᠠᠭᠰᠠᠨ᠃ ᠡᠶᠢᠨᠬᠦᠦ ᠪᠡᠯᠡᠳᠬᠡᠯ ᠠᠵᠢᠯ 2024 ᠣᠨ ᠭᠡᠬᠦ ᠳᠦ ᠳᠠᠭᠤᠰᠤᠨ᠎ᠠ᠃

ᠭᠤᠷᠪᠠᠳᠤᠭᠠᠷ ᠰᠠᠷ᠎ᠠ ᠶᠢᠨ 31 ᠳᠤ ᠬᠢᠲᠠᠳ  ᠤᠨ ᠪᠠᠩᠬᠢ᠂ ᠬᠤᠳᠠᠯᠳᠤᠭᠠᠨ ᠤ ᠶᠠᠮᠤᠨ ᠠᠴᠠ ᠲᠥᠷᠥ ᠶᠢᠨ  ᠵᠦᠪᠯᠡᠯ ᠳᠦ ᠪᠡᠨ ᠡᠷᠳᠡᠨᠢᠪᠦ᠋ᠷᠢᠨ ᠤᠰᠤᠨ ᠴᠠᠬᠢᠯᠭᠠᠨ ᠤ ᠰᠲ᠋ᠠᠨᠼ ᠤᠨ ᠲᠠᠯ᠎ᠠ ᠪᠠᠷ ᠮᠡᠳᠡᠭᠡᠯᠡᠯ ᠬᠦᠷᠭᠡᠨ᠎ᠡ᠃ ᠡᠨᠡ ᠨᠢ ᠲᠤᠬᠠᠢ ᠶᠢᠨ ᠤᠯᠤᠰ ᠤᠨ ᠬᠠᠤᠯᠢ ᠶᠢᠨ ᠵᠣᠬᠢᠴᠠᠭᠤᠯᠤᠯᠲᠠ ᠲᠠᠢ ᠬᠣᠯᠪᠣᠭ᠎ᠠ ᠲᠠᠢ᠃ ᠡᠶᠢᠨᠬᠦᠦ ᠲᠥᠷᠥ ᠶᠢᠨ ᠵᠥᠪᠯᠡᠯ ᠢᠶᠡᠷ ᠳᠡᠮᠵᠢᠭᠳᠡᠭᠰᠡᠨ ᠦ ᠳᠠᠷᠠᠭ᠎ᠠ ᠵᠢᠭᠡᠯᠡ ᠶᠢᠨ ᠲᠤᠰᠬᠠᠶᠢᠯᠠᠭᠰᠠᠨ ᠬᠡᠯᠡᠯᠴᠡᠭᠡᠷ ᠢ ᠡᠨᠡ ᠣᠨ ᠤ ᠬᠣᠶᠠᠳᠤᠭᠠᠷ ᠤᠯᠠᠷᠢᠯ ᠳᠤ ᠪᠠᠭᠲᠠᠭᠠᠵᠤ ᠬᠢᠬᠦ ᠲᠥᠯᠥᠪᠯᠡᠭᠡ ᠲᠡᠢ ᠪᠠᠶᠢᠨ᠎ᠠ ᠭᠡᠯ᠎ᠡ᠃

ᠰᠡᠳᠬᠢᠭᠳᠡᠯ ᠦᠯᠡᠳᠡᠭᠡᠬᠦ