ᠬᠠᠰᠠᠭᠰᠲ᠋ᠠᠨ ᠤ ᠨᠡᠶᠢᠰᠯᠡᠯ ᠠᠰᠲ᠋ᠠᠨᠠ ᠬᠤᠲᠠ ᠳᠤ ᠦᠷᠭᠦᠯᠵᠢᠯᠡᠵᠦ ᠪᠤᠶ ᠴᠢᠯᠦᠭᠡᠲᠦ ᠪᠥᠬᠡ ᠶᠢᠨ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠤ ᠲᠠᠪᠤᠳᠠᠬᠢ ᠡᠳᠦᠷ ᠲ᠊ · ᠲᠤᠯᠭ᠎ᠠ ᠮᠥᠩᠭᠦᠨ ᠮᠧᠳᠠᠯ ᠬᠦᠷᠲᠡᠯ᠎ᠡ᠃
ᠲᠡᠷᠡ ᠡᠷᠡᠭᠲᠡᠶᠢᠴᠦᠳ ᠤᠨ 65 ᠺᠢᠯᠣᠭ᠍ᠷᠠᠮ ᠵᠢᠩ ᠳᠤ ᠺᠢᠷᠭᠢᠽ᠂ ᠦᠽᠪᠧᠺᠰᠲ᠋ᠠᠨ ᠤ ᠪᠥᠬᠡᠴᠦᠳ ᠢ ᠢᠯᠠᠵᠤ᠂ ᠹᠢᠨᠠᠯ ᠳᠤ ᠬᠦᠷᠦᠭᠰᠡᠨ ᠪᠥᠭᠡᠳ ᠢᠷᠠᠨ ᠤ ᠪᠦᠬᠡ ᠳᠦ 3᠄1 ᠬᠠᠷᠢᠴᠠᠭ᠎ᠠ ᠪᠠᠷ ᠢᠯᠠᠭᠳᠠᠭᠰᠠᠨ ᠢᠶᠠᠷ ᠮᠥᠩᠭᠦᠨ ᠮᠧᠳᠠᠯ ᠠᠪᠤᠪᠠ᠃ ᠢᠷᠠᠨ ᠤ ᠲᠡᠷᠡ ᠪᠦᠬᠡ ᠡᠶᠢᠨ ᠬᠦ ᠬᠤᠶᠠᠷ ᠵᠢᠯ ᠳᠠᠷᠠᠭᠠᠯᠠᠵᠤ ᠠᠽᠢᠶ᠎ᠠ ᠶᠢᠨ ᠠᠪᠤᠷᠭᠤ ᠪᠣᠯᠵᠤ ᠪᠠᠶᠢᠨ᠎ᠡ᠃