2023 ᠣᠨ ᠤ ᠡᠬᠢᠨ ᠤ ᠤᠯᠠᠷᠢᠯ ᠳᠤ ᠮᠣᠩᠭᠤᠯ ᠤᠯᠤᠰ ᠠᠴᠠ ᠪᠦᠬᠦᠳᠠ ᠨᠠᠶᠢᠷᠠᠮᠳᠠᠬᠤ ᠰᠣᠯᠤᠩᠭᠤᠰ ᠤᠯᠤᠰ ᠤᠷᠤᠭᠤ 188 ᠬᠥᠮᠦᠨ᠂ ᠶᠠᠫᠤᠨ ᠤᠯᠤᠰ ᠤᠷᠤᠭᠤ 28 ᠬᠥᠮᠦᠨ ᠬᠦᠳᠡᠯᠮᠦᠷᠢ ᠶᠢᠨ ᠭᠡᠷ᠎ᠡ ᠪᠠᠷ ᠴᠠᠯᠢᠩ ᠬᠥᠯᠦᠰᠦ ᠲᠠᠢ ᠠᠵᠢᠯ ᠡᠷᠬᠢᠯᠡᠬᠦ ᠪᠠᠷ ᠶᠠᠪᠤᠭᠰᠠᠨ ᠪᠠᠶᠢᠨ᠎ᠡ᠃ ᠡᠨᠡ ᠨᠢ ᠡᠮᠦᠨᠡᠬᠢ ᠤᠯᠠᠷᠢᠯ ᠠᠴᠠ 22.9 ᠬᠤᠪᠢ ᠪᠠᠷ ᠪᠠᠭᠤᠷᠠᠭᠰᠠᠨ ᠦᠵᠡᠭᠦᠯᠦᠯᠲᠡ ᠪᠣᠯᠵᠤ ᠪᠠᠶᠢᠨ᠎ᠡ᠃
ᠬᠠᠷᠢᠨ ᠮᠣᠩᠭᠤᠯ ᠤᠯᠤᠰ ᠲᠤ ᠬᠦᠳᠡᠯᠮᠦᠷᠢ ᠶᠢᠨ ᠭᠡᠷ᠎ᠡ ᠪᠠᠷ ᠠᠵᠢᠯ ᠬᠥᠳᠡᠯᠮᠦᠷᠢ ᠡᠷᠬᠢᠯᠡᠵᠦ ᠪᠤᠢ ᠭᠠᠳᠠᠭᠠᠳᠤ ᠢᠷᠭᠡᠳ ᠤᠨ ᠲᠤᠭ᠎ᠠ ᠡᠨᠡ ᠣᠨ ᠤ ᠡᠬᠢᠨ ᠤ ᠤᠯᠠᠷᠢᠯ ᠳᠤ 2022 ᠣᠨ ᠤ ᠳᠦᠷᠪᠡᠳᠦᠭᠡᠷ ᠤᠯᠠᠷᠢᠯ ᠠᠴᠠ 45.6 ᠬᠤᠪᠢ ᠪᠠᠷ ᠥᠰᠦᠭᠰᠡᠨ ᠪᠠᠢᠨ᠎ᠠ᠃ ᠨᠢᠭᠡᠳᠦᠭᠡᠷ ᠤᠯᠠᠷᠢᠯ ᠤᠨ ᠪᠠᠶᠢᠳᠠᠯ ᠢᠶᠠᠷ ᠭᠠᠳᠠᠭᠠᠳᠤ ᠶᠢᠨ 99 ᠤᠯᠤᠰ ᠤᠨ 5700 ᠣᠷᠴᠢᠮ ᠢᠷᠭᠡᠠ ᠮᠣᠩᠭᠤᠯ ᠤᠯᠤᠰ ᠲᠤ ᠬᠦᠳᠡᠯᠮᠦᠷᠢ ᠶᠢᠨ ᠭᠡᠷ᠎ᠡ ᠪᠠᠷ ᠪᠤᠯᠦᠠ ᠰᠠᠶᠢᠨ ᠳᠤᠷ᠎ᠠ ᠶᠢᠨ ᠠᠵᠢᠯ ᠬᠥᠳᠡᠯᠮᠦᠷᠢ ᠡᠷᠬᠢᠯᠡᠵᠦ ᠪᠠᠢᠨ᠎ᠠ᠃ ᠲᠡᠳᠡᠨ ᠤ 43 ᠬᠤᠪᠢ ᠨᠢ ᠬᠢᠲᠠᠳ ᠤᠯᠤᠰ᠂ 8.9 ᠬᠤᠪᠢ ᠨᠢ ᠪᠦᠬᠦᠳᠠ ᠨᠠᠶᠢᠷᠠᠮᠳᠠᠬᠤ ᠰᠣᠯᠤᠩᠭᠤᠰ ᠤᠯᠤᠰ᠂ 8.9 ᠬᠤᠪᠢ ᠨᠢ ᠸᠢᠶᠧᠲᠨᠠᠮ᠂ 6.4 ᠬᠤᠪᠢ ᠨᠢ ᠣᠷᠣᠰ ᠤᠨ ᠢᠷᠭᠡᠳ ᠪᠠᠶᠢᠭ᠎ᠠ ᠪᠥᠭᠡᠳ 16.6 ᠬᠤᠪᠢ ᠨᠢ 35-39 ᠨᠠᠰᠤᠨ ᠤ ᠬᠢᠨ ᠪᠠᠶᠢᠭ᠎ᠠ ᠶᠢ ᠦᠨᠳᠦᠰᠦᠨ ᠤ ᠰᠲ᠋ᠠᠲ᠋ᠢᠰᠲ᠋ᠢᠺ ᠤᠨ ᠬᠤᠷᠢᠶ᠎ᠠ ᠮᠡᠳᠡᠭᠡᠯᠡᠪᠡ᠃