ᠮᠣᠩᠭᠤᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠶᠠ᠊ ·ᠰᠣᠳᠣᠪᠠᠭᠠᠲᠤᠷ︽ᠤᠯᠤᠰ ᠲᠥᠷᠦ ᠶᠢᠨ ᠨᠠᠮ ᠤᠨ ᠲᠤᠬᠠᠶ︾ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢᠨ ᠲᠥᠰᠥᠯ ᠢ ᠥᠨᠥᠳᠥᠷ ᠤᠯᠤᠰ ᠤᠨ ᠶᠡᠭᠡ ᠬᠤᠷᠠᠯ ᠤᠨ ᠳᠠᠷᠤᠭ᠎ᠠ ᠬ᠋᠊·ᠽᠠᠨᠳᠠᠨᠰᠢᠲᠠᠷ᠎ᠠ ᠲᠤ ᠡᠷᠭᠦᠨ ᠮᠡᠳᠡᠭᠦᠯᠦᠯ᠎ᠡ᠃
ᠶᠠ᠊ ·ᠰᠣᠳᠣᠪᠠᠭᠠᠲᠤᠷ᠄︽ᠮᠣᠩᠭᠤᠯ ᠤᠯᠤᠰ ᠤᠨ ᠶᠡᠷᠦᠩᠬᠡᠶᠢᠯᠡᠭᠴᠢ ᠶᠢᠨ 2021-2027 ᠣᠨ ᠤ ᠪᠣᠳᠤᠯᠭ᠎ᠠ ᠦᠶᠯᠡ ᠠᠵᠢᠯᠯᠠᠭᠠᠨ ᠤ ᠬᠦᠲᠦᠯᠪᠦᠷᠢ︾ ᠳᠦ ᠤᠯᠤᠰ ᠲᠥᠷᠦ ᠶᠢᠨ ᠨᠠᠮ ᠤᠳ ᠤᠨ ᠰᠢᠨᠡᠴᠢᠯᠡᠯ ᠢ ᠭᠦᠨᠵᠡᠭᠡᠶᠢᠷᠡᠭᠦᠯᠵᠦ᠂ ᠶᠣᠰᠣ ᠵᠦᠶ᠂ ᠰᠠᠬᠢᠯᠭ᠎ᠠ ᠬᠠᠷᠢᠭᠤᠴᠠᠯᠭ᠎ᠠ ᠶᠢ ᠳᠡᠭᠡᠭᠰᠢᠯᠡᠭᠦᠯᠵᠦ᠂ ᠰᠠᠩᠬᠦᠦᠵᠢᠯᠲᠡ ᠶᠢ ᠰᠢᠯ ᠪᠣᠯᠭᠠᠬᠤ ᠂ ᠤᠯᠤᠰ ᠲᠥᠷᠦ ᠶᠢᠨ ᠨᠠᠮ᠂ ᠤᠯᠤᠰ ᠲᠥᠷᠦ ᠶᠢᠨ ᠨᠠᠮ ᠤᠨ ᠰᠠᠩᠬᠦᠦᠵᠢᠯᠲᠡ ᠶᠢᠨ ᠲᠤᠬᠠᠶ ᠬᠠᠤᠯᠢ ᠨᠤᠭᠤᠳ ᠰᠠᠨᠠᠭᠠᠴᠢᠯᠠᠨ᠎ᠠ︾ᠭᠡᠵᠦ ᠵᠢᠭᠠᠭᠰᠠᠨ ᠪᠥᠭᠡᠳ ᠲᠡᠷᠡ ᠳᠠᠭᠠᠤ︽ᠤᠯᠤᠰ ᠲᠥᠷᠦ ᠶᠢᠨ ᠨᠠᠮ ᠤᠨ ᠲᠤᠬᠠᠶ︾ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢᠨ ᠲᠥᠰᠥᠯ ᠪᠣᠯᠪᠠᠰᠤᠷᠠᠭᠤᠯᠬᠤ ᠠᠵᠢᠯ ᠤᠨ ᠬᠡᠰᠡᠭ ᠢ ᠮᠣᠩᠭᠤᠯ ᠤᠯᠤᠰ ᠤᠨ ᠶᠡᠷᠦᠩᠬᠡᠶᠢᠯᠡᠭᠴᠢ ᠶᠢᠨ 2022 ᠣᠨ ᠤ 01 ᠳ᠋ᠦ᠋ᠭᠡᠷ ᠰᠠᠷ᠎ᠠ ᠶᠢᠨ 06 ᠤ ᠡᠳᠦᠷ ᠤᠨ 06 ᠳ᠋ᠤᠭᠠᠷ ᠵᠠᠬᠢᠷᠤᠮᠵᠢ ᠪᠠᠷ ᠪᠠᠶᠢᠭᠤᠯᠤᠭᠰᠠᠨ ᠭᠡᠪᠡ᠃
ᠬᠠᠤᠯᠢ ᠪᠠᠲᠤᠯᠠᠭᠳᠠᠪᠠᠯ᠂ ᠤᠯᠤᠰ ᠲᠥᠷᠦ ᠶᠢᠨ ᠨᠠᠮ ᠤᠨ ᠬᠠᠷᠢᠭᠤᠴᠠᠯᠭ᠎ᠠ ᠳᠡᠭᠡᠭᠰᠢᠯᠡᠵᠦ᠂ ᠨᠠᠮ ᠤᠨ ᠦᠶᠯᠡ ᠠᠵᠢᠯᠯᠠᠭ᠎ᠠ᠂ ᠳᠣᠲᠤᠭᠠᠳᠤ ᠵᠣᠬᠢᠶᠠᠨ ᠪᠠᠶᠢᠭᠤᠯᠤᠯᠲᠠ ᠠᠷᠠᠳᠴᠢᠯᠠᠭᠰᠠᠨ ᠵᠠᠷᠴᠢᠮ ᠳᠤ ᠨᠡᠶᠢᠴᠡᠨ᠂ ᠲᠡᠭᠦᠨ ᠤ ᠰᠠᠩᠬᠦᠦᠵᠢᠯᠲᠡ ᠢᠯᠡ ᠲᠤᠳᠦ ᠪᠣᠯᠬᠤ᠂ ᠨᠠᠮ ᠤᠨ ᠭᠡᠰᠢᠭᠦᠳ ᠤᠨ ᠡᠷᠭᠡ᠂ ᠡᠭᠦᠷᠭᠡ᠂ ᠰᠠᠬᠢᠯᠭ᠎ᠠ ᠬᠠᠷᠢᠭᠤᠴᠠᠯᠭ᠎ᠠ ᠲᠡᠭᠡᠭᠰᠢᠯᠡᠬᠦ᠂ ᠰᠠᠩᠬᠦᠦ ᠪᠤᠯᠦᠠ ᠦᠶᠯᠡ ᠠᠵᠢᠯᠯᠠᠭᠠᠨ ᠤ ᠲᠣᠳᠤᠷᠬᠠᠶ ᠠᠰᠠᠭᠤᠳᠠᠯ ᠤᠳ ᠢᠶᠠᠷ ᠰᠣᠩᠭᠤᠭᠤᠯᠢ ᠶᠢᠨ ᠲᠥᠪ ᠪᠠᠶᠢᠭᠤᠯᠤᠯᠭ᠎ᠠ ᠳᠤ ᠲᠠᠶᠢᠯᠤᠨ ᠢ ᠭᠠᠷᠭᠠᠬᠤ ᠵᠠᠮ ᠢᠶᠠᠷ ᠣᠯᠠᠨ ᠨᠡᠶᠢᠲᠡ ᠶᠢᠨ ᠬᠢᠨᠠᠯᠲᠠ ᠶᠢ ᠰᠠᠶᠢᠵᠢᠷᠠᠭᠤᠯᠬᠤ ᠡᠷᠭᠡ ᠵᠦᠢ ᠶᠢᠨ ᠣᠷᠴᠢᠨ ᠪᠦᠷᠢᠳᠦᠨ᠎ᠡ ᠭᠡᠵᠦ ᠦᠵᠡᠵᠦ ᠪᠤᠢ ᠶᠤᠮ᠃
ᠲᠡᠭᠦᠨᠴᠢᠯᠡᠨ ᠤᠯᠤᠰ ᠲᠥᠷᠦ ᠶᠢᠨ ᠨᠠᠮ ᠪᠣᠳᠣᠯᠭ᠎ᠠ ᠶᠢᠨ ᠪᠠᠢᠭᠤᠯᠤᠯᠭ᠎ᠠ ᠪᠤᠯᠦᠠ ᠲᠥᠯᠥᠪᠰᠢᠬᠦ ᠪᠥᠭᠡᠳ ᠨᠠᠮ ᠤᠯᠤᠰ ᠤᠨ ᠬᠡᠮᠵᠢᠶᠡᠨ ᠳᠤ ᠪᠣᠳᠤᠯᠭ᠎ᠠ ᠳᠡᠪᠰᠢᠭᠦᠯᠦᠨ ᠠᠵᠢᠯᠯᠠᠬᠤ᠂ ᠦᠶᠯᠡ ᠠᠵᠢᠯᠯᠠᠭ᠎ᠠ᠂ ᠰᠣᠩᠭᠤᠭᠤᠯᠢ ᠶᠢᠨ ᠮᠥᠷ ᠤᠨ ᠬᠥᠲᠥᠯᠪᠦᠷᠢ ᠨᠢ ᠤᠯᠤᠰ ᠣᠷᠤᠨ ᠦ ᠬᠥᠭᠵᠢᠯ ᠤᠨ ᠪᠣᠳᠣᠯᠭ᠎ᠠ ᠳᠤ ᠵᠠᠬᠢᠷᠤᠭᠳᠠᠨ ᠠᠵᠢᠯᠯᠠᠬᠤ᠂ ᠲᠥᠷᠦ ᠶᠢᠨ ᠦᠡᠳᠦᠷ ᠶᠣᠰᠣ ᠵᠦᠢ ᠲᠠᠢ ᠠᠯᠪᠠ ᠬᠠᠭᠠᠭᠴᠢ ᠶᠢ ᠪᠡᠯᠡᠳᠬᠡᠬᠦ᠂ ᠲᠥᠷᠦ ᠠᠷᠠᠳ ᠲᠦᠮᠡᠨ ᠤ ᠭᠦᠦᠷ ᠪᠣᠯᠵᠤ᠂ ᠢᠷᠭᠡᠳ ᠲᠤ ᠤᠯᠤᠰ ᠲᠥᠷᠦ ᠶᠢᠨ ᠪᠣᠯᠪᠠᠰᠤᠷᠠᠯ ᠣᠯᠭᠤᠬᠤ ᠪᠠᠢᠭᠤᠯᠤᠯᠭ᠎ᠠ ᠪᠤᠯᠦᠠ ᠲᠥᠯᠥᠪᠰᠢᠬᠦ ᠦᠨᠳᠦᠰᠦ ᠪᠦᠷᠢᠳᠦᠨ᠎ᠡ᠃