ᠳ ∙ ᠮᠥᠩᠬᠡᠵᠤᠯᠠ ᠶᠢᠨ ᠣᠯᠠᠨ ᠤᠯᠤᠰ ᠤᠨ ᠮᠠᠰᠲ᠋ᠸᠷ ᠴᠣᠯᠠ ᠶᠢ ᠪᠠᠲᠤᠯᠠᠭᠠᠵᠢᠭᠤᠯᠵᠠᠢ | News.MN

ᠳ ∙ ᠮᠥᠩᠬᠡᠵᠤᠯᠠ ᠶᠢᠨ ᠣᠯᠠᠨ ᠤᠯᠤᠰ ᠤᠨ ᠮᠠᠰᠲ᠋ᠸᠷ ᠴᠣᠯᠠ ᠶᠢ ᠪᠠᠲᠤᠯᠠᠭᠠᠵᠢᠭᠤᠯᠵᠠᠢ

2022 ᠣᠨ ᠤ ᠥᠰᠪᠦᠷᠢ ᠶᠢᠨ ᠰᠢᠲᠠᠷᠠᠴᠢᠳ ᠤᠨ 15-16 ᠨᠠᠰᠤᠨ ᠤ ᠦᠬᠢᠳ ᠤᠨ ᠠᠩᠭᠢᠯᠠᠯ ᠳᠤ ᠳᠡᠯᠡᠬᠡᠢ ᠶᠢᠨ ᠰᠢᠲᠠᠷ᠎ᠠ ᠶᠢᠨ ᠬᠣᠯᠪᠣᠭᠠᠨ ᠤ ᠮᠠᠰᠲ᠋ᠸᠷ ᠳᠠᠸᠠᠬᠦᠦ ᠶᠢᠨ ᠮᠦᠩᠬᠡᠵᠤᠯᠠ 11 ᠥᠷᠥᠭ ᠡᠴᠡ 8.5 ᠣᠨᠣᠭ᠎ᠠ ᠠᠪᠴᠤ ᠬᠣᠵᠢᠭᠳᠠᠯ ᠦᠭᠡᠢ ᠲᠦᠷᠦᠭᠦᠯᠡᠵᠦ᠂ ᠳᠡᠯᠡᠬᠡᠢ ᠶᠢᠨ ᠬᠣᠱᠣᠢ ᠠᠪᠤᠷᠭᠤ ᠪᠣᠯᠤᠭᠰᠠᠨ᠃ ᠢᠩᠭᠢᠭᠰᠡᠨ ᠢᠶᠡᠷ ᠲᠡᠷᠡ ᠪᠡᠷ ᠣᠯᠠᠨ ᠤᠯᠤᠰ ᠤᠨ ᠮᠠᠰᠲ᠋ᠸᠷ︵WIM︶ ᠴᠣᠯᠠᠨ ᠤ ᠪᠣᠯᠵᠣᠯ ᠬᠠᠩᠭᠠᠵᠤ ᠴᠣᠯᠠ ᠪᠠᠨ ᠠᠬᠢᠭᠤᠯᠤᠭᠰᠠᠨ᠃ ᠲᠡᠭᠡᠪᠡᠯ ᠲᠡᠭᠦᠨ ᠦ ᠣᠯᠠᠨ ᠤᠯᠤᠰ ᠤᠨ ᠮᠠᠰᠲ᠋ᠸᠷ ᠴᠣᠯᠠ ᠶᠢ ᠳᠡᠯᠡᠬᠡᠢ ᠶᠢᠨ ᠰᠢᠲᠠᠷ᠎ᠠ ᠶᠢᠨ ᠬᠣᠯᠪᠣᠭ᠎ᠠ 04.12 ᠳᠦ ᠪᠠᠲᠤᠯᠠᠵᠠᠢ᠃
      ᠳ∙ᠮᠦᠩᠬᠡᠵᠤᠯᠠ ᠡᠳᠦᠭᠡ ᠡᠴᠡ 9 ᠵᠢᠯ ᠦᠨ ᠡᠮᠦᠨ᠎ᠡ 2014 ᠣᠨ ᠳᠤ ᠡᠮᠦᠨᠡᠲᠦ ᠠᠹᠷᠢᠺᠠ ᠶᠢᠨ ᠪᠦᠭᠦᠳᠡ ᠨᠠᠶᠢᠷᠠᠮᠳᠠᠬᠤ ᠤᠯᠤᠰ  ᠲᠤ ᠵᠣᠬᠢᠶᠠᠭᠳᠠᠭᠰᠠᠨ ᠥᠰᠪᠦᠷᠢ ᠶᠢᠨ ᠰᠢᠲᠠᠷᠠᠴᠢᠳ ᠤᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠨᠠᠢ᠌ᠮᠠ ᠬᠦᠷᠲᠡᠯᠡᠬᠢ ᠨᠠᠰᠤᠨ ᠤ ᠠᠩᠭᠢᠯᠠᠯ ᠳᠤ ᠲᠡᠷᠢᠭᠦᠨ ᠪᠠᠶᠢᠷᠢ ᠡᠵᠡᠯᠡᠵᠦ᠂ ᠠᠩᠬᠠᠨ ᠤ ᠳᠡᠯᠡᠬᠡᠢ ᠶᠢᠨ ᠠᠪᠤᠷᠭᠤ ᠶᠢᠨ ᠴᠣᠮᠣ ᠪᠠᠨ ᠡᠷᠭᠦᠵᠦ ᠪᠠᠶᠢᠭᠰᠠᠨ ᠶᠤᠮ᠃

ᠰᠡᠳᠬᠢᠭᠳᠡᠯ ᠦᠯᠡᠳᠡᠭᠡᠬᠦ