《 ᠪᠧᠯᠭᠷᠡᠳ᠋ –2022》ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠮᠥᠩᠭᠥ᠂《 ᠤᠰᠯᠤ᠋-2021》ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠬᠦᠷᠡᠯ ᠮᠧᠳᠠᠯᠲᠤ ᠮᠦᠩᠬᠡᠲᠦ᠋ᠷᠤ ᠶᠢᠨ ᠯᠾᠬᠠᠪᠠᠭᠡᠷᠡᠯ ᠠᠰᠲ᠋ᠠᠨᠠ ᠶᠢᠨ ᠳᠡᠪᠵᠢᠶᠡᠨ ᠳᠦ 125 ᠺᠢᠯᠦᠭᠷᠡᠮ ᠤᠨ ᠵᠢᠩ ᠳᠦ ᠠᠯᠲᠠᠨ ᠮᠧᠳᠠᠯ ᠬᠦᠷᠲᠡᠵᠦ᠂ ᠲᠥᠷᠥ ᠶᠢᠨ ᠳᠠᠭᠤᠯᠠᠯ ᠢᠶᠠᠨ ᠡᠭᠡᠰᠢᠭᠯᠡᠭᠦᠯᠦᠯ᠎ᠡ᠃
ᠲᠡᠷᠡ ᠪᠡᠷ ᠰᠢᠭᠰᠢᠭᠡ ᠪᠠᠷᠢᠯᠳᠤᠭᠠᠨ ᠳᠤ ᠡᠮᠦᠨ᠎ᠡ ᠨᠢ ᠭᠤᠷᠪᠠᠨ ᠤᠳᠠᠭ᠎ᠠ ᠪᠠᠷᠢᠯᠳᠤᠬᠤ ᠳᠤ ᠪᠠᠨ 1 ᠢᠯᠠᠵᠤ᠂ 2 ᠤᠳᠠᠭ᠎ᠠ ᠢᠯᠠᠭᠳᠠᠵᠤ ᠪᠠᠶᠢᠭᠰᠠᠨ U23 ᠠᠩᠭᠢᠯᠠᠯ ᠤᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠬᠦᠷᠡᠯ ᠮᠧᠳᠠᠯᠲᠤ ᠂ ᠨᠠᠰᠤᠨ ᠳᠤ ᠬᠦᠷᠦᠭᠰᠡᠳ ᠦᠨ ᠠᠽᠢᠶ᠎ᠠ ᠶᠢᠨ ᠠᠪᠤᠷᠭᠤ᠂ ᠡᠵᠡᠨ ᠣᠷᠣᠨ ᠤ ᠶᠤᠰᠤᠫ ᠪᠠᠲ᠋ᠢᠷᠮᠤᠷᠽᠠᠶ᠋ᠸ ᠢ ᠳᠡᠪᠵᠢᠶᠡᠨ ᠳᠡᠭᠡᠷ᠎ᠡ ᠨᠢ ᠬᠥᠭᠵᠢᠶᠡᠨ ᠳᠡᠮᠵᠢᠭᠴᠢᠳ ᠦᠨ ᠬᠢᠨᠢ ᠡᠮᠦᠨ᠎ᠡ ᠨᠢ 1᠄1 ᠪᠡᠷ ᠢᠯᠠᠭᠰᠠᠨ ᠢᠶᠠᠷ ᠮᠣᠩᠭᠣᠯ ᠤᠨ ᠡᠷᠡᠭᠲᠡᠢ ᠪᠥᠬᠡᠴᠦᠳ ᠡᠴᠡ ᠠᠽᠢᠶ᠎ᠠ ᠶᠢᠨ ᠠᠪᠤᠷᠭᠤ ᠠᠴᠠ 16 ᠳ᠋ᠠᠬᠢ ᠠᠯᠲᠠᠨ ᠮᠧᠳᠠᠯ ᠢ ᠨᠠᠢ᠌ᠮᠠᠨ ᠵᠢᠯ ᠦᠨ ᠳᠠᠷᠠᠭ᠎ᠠ ᠡᠬᠡ ᠣᠷᠣᠨ ᠳᠤ ᠪᠠᠨ ᠠᠪᠴᠢᠷᠠᠯ᠎ᠠ᠃