ᠤᠯᠤᠰ ᠤᠨ ᠶᠡᠬᠡ ᠬᠤᠷᠠᠯ ᠤᠨ ᠬᠠᠤᠯᠢ ᠵᠦᠢ ᠶᠢᠨ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠢᠶᠠᠷ ᠰᠢᠭᠦᠬᠦ ᠶᠢᠨ ᠰᠠᠬᠢᠯᠭ᠎ᠠ ᠶᠢᠨ ᠬᠣᠷᠢᠶᠠᠨ ᠤ 2022 ᠣᠨ ᠤ ᠦᠢᠯᠡ ᠠᠵᠢᠯᠯᠠᠭᠠᠨ ᠤ ᠲᠠᠢᠯᠤᠨ ᠢ ᠰᠣᠨᠣᠰᠤᠯ᠎ᠠ᠃
ᠤᠯᠤᠰ ᠤᠨ ᠶᠡᠬᠡ ᠬᠤᠷᠠᠯ ᠤᠨ ᠭᠡᠰᠢᠭᠦᠨ ᠪ ∙ ᠡᠩᠬᠡ-ᠠᠮᠤᠭᠤᠯᠠᠩ᠄ ᠰᠡᠭᠦᠯ ᠦᠨ ᠦᠶ᠎ᠡ ᠳᠦ ᠮᠥᠷᠳᠡᠨ ᠰᠢᠯᠭᠠᠬᠤ ᠪᠠᠶᠢᠭᠤᠯᠤᠯᠭ᠎ᠠ ᠨᠤᠭᠤᠳ ᠡᠨᠡ ᠪᠣᠯ ᠭᠡᠮᠲᠦ ᠬᠡᠷᠡᠭᠲᠡᠨ ᠭᠡᠳ ᠬᠡᠪᠯᠡᠯ ᠮᠡᠳᠡᠭᠡᠯᠡᠯ ᠦᠨ ᠬᠡᠷᠡᠭᠰᠡᠯ ᠢᠶᠡᠷ ᠵᠠᠷᠯᠠᠳᠠᠭ ᠪᠣᠯᠤᠯ᠎ᠠ᠃ ᠡᠭᠦᠨ ᠢ ᠨᠢ ᠣᠯᠠᠨ ᠨᠡᠶᠢᠲᠡ ᠡᠯᠭᠦᠵᠦ ᠠᠪᠤᠭᠠᠳ ᠲᠤᠬᠠᠢ ᠶᠢᠨ ᠬᠦᠮᠦᠨ ᠢ ᠶᠠᠯᠠᠯᠠᠵᠤ ᠬᠡᠨ ᠴᠤ ᠪᠢᠰᠢ ᠪᠣᠯᠭᠠᠳᠠᠭ᠃ ᠳᠠᠷᠠᠭ᠎ᠠ ᠨᠢ 《ᠲᠠ ᠪᠤᠷᠤᠭᠤ ᠦᠭᠡᠢ ᠶᠤᠮ ᠪᠠᠶᠢᠨ᠎ᠠ》ᠭᠡᠰᠡᠨ ᠠᠯᠠᠭ᠎ᠠ ᠶᠢᠨ ᠴᠢᠨᠡᠭᠡ ᠴᠠᠭᠠᠰᠤ ᠥᠭᠳᠡᠭ᠃ ᠢᠩᠭᠢᠵᠦ ᠪᠣᠯᠬᠤ ᠶᠤᠮ ᠤᠤ᠃ 2020 ᠣᠨ ᠳᠤ ᠪᠠᠷᠢᠪᠴᠢᠯᠠᠬᠤ ᠠᠵᠢᠯᠯᠠᠭᠠᠨ ᠤ 99.3᠂ 2021 ᠣᠨ ᠳᠤ 98.3 ᠬᠤᠪᠢ ᠨᠢ ᠰᠢᠭᠦᠬᠦ ᠶᠢᠨ ᠵᠥᠪᠰᠢᠶᠡᠷᠡᠯ ᠦᠭᠡᠢ ᠪᠡᠷ ᠬᠢᠭᠳᠡᠭᠰᠡᠨ ᠪᠠᠶᠢᠨ᠎ᠠ᠃ ᠦᠨᠳᠦᠰᠦᠨ ᠬᠠᠤᠯᠢ ᠪᠠᠷ ᠰᠢᠭᠦᠬᠦ ᠭᠡᠮ ᠪᠤᠷᠤᠭᠤ ᠲᠠᠢ ᠶᠢ ᠨᠢ ᠲᠣᠭᠲᠠᠭ᠎ᠠ ᠦᠭᠡᠢ ᠪᠠᠶᠢᠬᠤ ᠳᠤ ᠬᠡᠨ ᠢ ᠴᠤ ᠭᠡᠮ ᠪᠤᠷᠤᠭᠤ ᠲᠠᠢ ᠳᠤ ᠲᠣᠭᠠᠴᠠᠵᠤ ᠪᠣᠯᠬᠤ ᠦᠭᠡᠢ᠃ ᠦᠨᠳᠦᠰᠦᠨ ᠬᠠᠤᠯᠢ ᠶᠢᠨ ᠡᠨᠡ ᠵᠠᠷᠴᠢᠮ ᠠᠯᠳᠠᠭᠳᠠᠭᠠᠳ ᠪᠠᠶᠢᠨ᠎ᠠ᠃
ᠬᠠᠤᠯᠢ ᠵᠦᠢ ᠶᠢᠨ ᠪᠠᠶᠢᠩᠭᠤ ᠶᠢᠨ ᠬᠣᠷᠢᠶᠠᠨ ᠤ ᠳᠠᠷᠤᠭ᠎ᠠ ᠪ ∙ ᠡᠩᠬᠡᠪᠠᠶᠠᠷ᠄ ᠤᠭ ᠨᠢ ᠰᠢᠭᠦᠬᠦ ᠶᠢᠨ ᠶᠡᠷᠦᠩᠬᠡᠢ ᠵᠥᠪᠯᠡᠯ ᠬᠠᠷᠢᠭᠤᠯᠬᠤ ᠠᠰᠠᠭᠤᠯᠲᠠ ᠪᠠᠶᠢᠨ᠎ᠠ᠃ ᠭᠡᠬᠦ ᠳᠦ ᠪᠡᠨ ᠰᠢᠭᠦᠬᠦ ᠶᠢᠨ ᠰᠠᠬᠢᠯᠭ᠎ᠠ ᠶᠢᠨ ᠬᠣᠷᠢᠶ᠎ᠠ ᠥᠪᠡᠷ ᠲᠦ ᠬᠠᠮᠢᠶᠠᠷᠬᠤ ᠵᠦᠢᠯ ᠢᠶᠡᠨ ᠬᠠᠷᠢᠭᠤᠯ᠃
ᠰᠢᠭᠦᠬᠦ ᠶᠢᠨ ᠰᠠᠬᠢᠯᠭ᠎ᠠ ᠶᠢᠨ ᠬᠣᠷᠢᠶᠠᠨ ᠤ ᠳᠠᠷᠤᠭ᠎ᠠ ᠬ ∙ᠬᠠᠰᠪᠠᠭᠠᠲᠤᠷ᠄ ᠰᠢᠭᠦᠭᠴᠢ ᠨᠠᠷ ᠤᠨ ᠬᠠᠷᠢᠶᠠᠲᠤ ᠪᠤᠰᠤ ᠪᠠᠶᠢᠳᠠᠯ ᠢ ᠰᠢᠭᠦᠬᠦ ᠶᠢᠨ ᠶᠡᠷᠦᠩᠬᠡᠢ ᠵᠥᠪᠯᠡᠯ ᠬᠠᠷᠢᠭᠤᠴᠠᠬᠤ ᠪᠠᠷ ᠬᠠᠤᠯᠢ ᠳᠤ ᠲᠤᠰᠬᠠᠭᠰᠠᠨ ᠪᠠᠶᠢᠭ᠎ᠠ᠃ ᠰᠢᠭᠦᠭᠴᠢ ᠬᠠᠷᠢᠶᠠᠲᠤ ᠪᠤᠰᠤ ᠪᠠᠷ ᠠᠵᠢᠯᠯᠠᠬᠤ ᠶᠢᠨ ᠡᠰᠡᠷᠭᠦ ᠲᠠᠯ᠎ᠠ ᠶᠢᠨ ᠬᠢᠨᠢ ᠲᠡᠩᠴᠡᠪᠦᠷᠢ ᠪᠣᠯ ᠰᠠᠬᠢᠯᠭ᠎ᠠ ᠬᠠᠷᠢᠭᠤᠴᠠᠯᠭ᠎ᠠ᠃ ᠰᠢᠭᠦᠬᠦ ᠶᠢᠨ ᠰᠠᠬᠢᠯᠭ᠎ᠠ ᠶᠢᠨ ᠬᠣᠷᠢᠶ᠎ᠠ ᠰᠢᠭᠦᠭᠴᠢ ᠶᠢᠨ ᠰᠠᠬᠢᠯᠭ᠎ᠠ ᠬᠠᠷᠢᠭᠤᠴᠠᠯᠭ᠎ᠠ ᠲᠠᠢ ᠬᠣᠯᠪᠣᠭᠠᠲᠠᠢ ᠠᠰᠠᠭᠤᠳᠠᠯ ᠳᠤ ᠦᠨᠡᠯᠡᠯᠲᠡ ᠳ᠋ᠦᠩᠨᠡᠯᠲᠡ ᠯᠠ ᠥᠭᠳᠡᠭ᠂ ᠰᠢᠯᠭᠠᠳᠠᠭ᠃ ᠲᠡᠶᠢᠮᠦ ᠡᠴᠡ ᠰᠢᠭᠦᠬᠦ ᠶᠢᠨ ᠶᠡᠷᠦᠩᠬᠡᠢ ᠵᠥᠪᠯᠡᠯ ᠢᠯᠡᠭᠦᠦ ᠮᠡᠳᠡᠭᠡᠯᠡᠯ ᠥᠭᠬᠦ ᠪᠠᠶᠢᠬᠤ᠃