ᠶᠡᠷᠦᠩᠬᠡᠶᠢᠯᠡᠭᠴᠢ ᠤ᠊∙ᠬᠦᠷᠡᠯᠰᠦ᠋ᠬᠡ ᠢᠷᠡᠬᠦ ᠰᠠᠷ᠎ᠠ ᠳᠤ ᠰᠠᠦ᠋ᠳᠢ ᠶᠢᠨ ᠠᠷᠠᠪ ᠤᠨ ᠬᠠᠭᠠᠨᠲᠤ ᠤᠯᠤᠰ ᠲᠤ ᠠᠶᠢᠯᠴᠢᠯᠠᠨ᠎ᠠ ᠭᠡᠬᠦ ᠮᠡᠳᠡᠭᠡᠯᠡᠯ ᠤᠯᠤᠰ ᠲᠥᠷᠥ ᠶᠢᠨ ᠲᠦᠪᠰᠢᠨ ᠳᠦ ᠶᠠᠷᠢᠭᠳᠠᠭᠠᠳ ᠤᠳᠠᠵᠤ ᠪᠤᠢ᠃ ᠮᠠᠨ ᠤ ᠤᠯᠤᠰ ᠠᠴᠠ ᠺᠤᠸᠠᠢᠲ ᠤᠯᠤᠰ ᠲᠤ ᠰᠠᠭᠤᠬᠤ ᠡᠯᠴᠢᠨ ᠰᠠᠶᠢᠳ ᠫ ∙ ᠰᠡᠷᠭᠦᠯᠡᠩ ᠠᠶᠢᠯᠴᠢᠯᠠᠯ ᠤᠨ ᠪᠡᠯᠡᠳᠬᠡᠯ ᠢ ᠬᠠᠩᠭᠠᠵᠤ ᠪᠠᠶᠢᠭ᠎ᠠ ᠶᠤᠮ᠃ ᠤᠩᠰᠢᠭᠴᠢᠳ ᠲᠤ ᠰᠠᠨᠠᠭᠤᠯᠬᠤ ᠳᠤ᠂ ᠥᠩᠭᠡᠷᠡᠭᠰᠡᠨ ᠭᠤᠷᠪᠠᠳᠤᠭᠠᠷ ᠰᠠᠷ᠎ᠠ ᠳᠤ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠶᠠ᠊ ∙ ᠰᠣᠳᠪᠠᠭᠠᠲᠤᠷ ᠲᠤᠰ ᠤᠯᠤᠰ ᠲᠤ ᠠᠵᠢᠯ ᠤᠨ ᠠᠶᠢᠯᠴᠢᠯᠠᠯ ᠬᠢᠵᠦ ᠵᠠᠰᠠᠭ ᠤᠨ ᠭᠠᠵᠠᠷ ᠤᠨ ᠭᠡᠰᠢᠭᠦᠨ᠂ ᠲᠥᠷᠥ ᠶᠢᠨ ᠰᠠᠶᠢᠳ ᠲᠠᠢ ᠨᠢ ᠠᠭᠤᠯᠵᠠᠵᠤ ᠪᠠᠢᠭᠰᠠᠨ ᠶᠤᠮ᠃
ᠶᠡᠷᠦᠩᠬᠡᠶᠢᠯᠡᠭᠴᠢ ᠶᠢᠨ ᠠᠶᠢᠯᠴᠢᠯᠠᠯ ᠢᠶᠠᠷ ᠬᠤᠳᠠᠯᠳᠤᠭ᠎ᠠ ᠡᠳ᠋ ᠦᠨ ᠵᠠᠰᠠᠭ᠂ ᠬᠥᠷᠥᠩᠭᠡ ᠣᠷᠣᠭᠤᠯᠤᠯᠲᠠ᠂ ᠠᠭᠤᠷ ᠠᠮᠢᠰᠬᠤᠯ ᠤᠨ ᠥᠭᠡᠷᠡᠴᠢᠯᠡᠯᠲᠡ᠂ ᠨᠣᠭᠣᠭᠠᠨ ᠬᠥᠭᠵᠢᠯ᠂ ᠰᠡᠷᠭᠦᠭᠡᠭᠳᠡᠬᠦ ᠡᠷᠴᠢᠮ ᠬᠦᠴᠦ ᠪᠣᠯᠤᠨ ᠪᠠᠶᠢᠭᠠᠯᠢ ᠣᠷᠴᠢᠨ ᠤ ᠴᠢᠭᠯᠡᠯ ᠦᠨ ᠠᠰᠠᠭᠤᠳᠠᠯ ᠤᠳ ᠢᠶᠠᠷ ᠶᠠᠷᠢᠶ᠎ᠠ ᠬᠡᠯᠡᠯᠴᠡᠭᠡ ᠪᠣᠯᠵᠤ ᠮᠠᠭᠠᠳ ᠦᠭᠡᠢ ᠶᠤᠮ᠃