ᠤᠯᠤᠰ ᠤᠨ ᠨᠢᠭᠡᠳᠦᠭᠰᠡᠨ ᠲᠥᠰᠦᠪ ᠦᠨ ᠨᠡᠶᠢᠲᠡ ᠣᠷᠣᠯᠭ᠎ᠠ︵ᠲᠤᠰᠠᠯᠠᠮᠵᠢ ᠪᠠᠭᠲᠠᠨ᠎ᠠ︶ ᠶᠢᠨ ᠬᠡᠮᠵᠢᠶ᠎ᠡ ᠭᠤᠷᠪᠠᠳᠤᠭᠠᠷ ᠰᠠᠷ᠎ᠠ ᠳᠤ ᠡᠮᠦᠨᠡᠬᠢ ᠣᠨ ᠤ ᠮᠥᠨ ᠦᠶ᠎ᠡ ᠡᠴᠡ 29.6 ᠬᠤᠪᠢ ᠪᠠᠷ ᠥᠰᠦᠭᠰᠡᠨ ᠢ ᠰᠠᠩ ᠤᠨ ᠶᠠᠮᠤᠨ ᠮᠡᠳᠡᠭᠡᠯᠡᠯ᠎ᠡ᠃
ᠣᠨ ᠤ ᠡᠬᠢᠨ ᠦ ᠤᠯᠠᠷᠢᠯ ᠤᠨ ᠤᠷᠢᠳᠴᠢᠯᠠᠭᠰᠠᠨ ᠭᠦᠢᠴᠡᠳᠬᠡᠯ ᠢᠶᠡᠷ ᠤᠯᠤᠰ ᠤᠨ ᠨᠢᠭᠡᠳᠦᠭᠰᠡᠨ ᠲᠥᠰᠥᠪ ᠦᠨ ᠲᠡᠩᠴᠡᠪᠦᠷᠢᠵᠢᠭᠦᠯᠦᠭᠰᠡᠨ ᠣᠷᠣᠯᠭ᠎ᠠ ᠶᠢᠨ ᠬᠡᠮᠵᠢᠶ᠎ᠡ 4.8 ᠶᠡᠬᠡ ᠨᠠᠶᠤᠳ ᠲᠥᠭᠥᠷᠢᠭ᠂ ᠵᠠᠷᠤᠯᠭ᠎ᠠ 4.1 ᠶᠡᠬᠡ ᠨᠠᠶᠤᠳ ᠲᠥᠭᠥᠷᠢᠭ ᠪᠠᠶᠢᠭᠰᠠᠨ ᠪᠠᠶᠢᠨ᠎ᠠ᠃ ᠢᠩᠭᠢᠭᠰᠡᠨ ᠢᠶᠡᠷ ᠲᠥᠰᠦᠪ ᠦᠨ ᠲᠡᠩᠴᠡᠯ ᠰᠡᠭᠦᠯ ᠦᠨ ᠭᠤᠷᠪᠠᠨ ᠵᠢᠯ ᠦᠨ ᠬᠤᠭᠤᠴᠠᠭᠠᠨ ᠳᠤ ᠠᠩᠬ᠎ᠠ ᠤᠳᠠᠭ᠎ᠠ ᠠᠰᠢᠭ ᠲᠠᠢ ᠪᠤᠶᠤ 656.6 ᠲᠡᠷᠪᠤᠮ ᠲᠥᠭᠦᠷᠢᠭ ᠪᠣᠯᠵᠠᠢ᠃
ᠨᠡᠶᠢᠲᠡ ᠣᠷᠣᠯᠭ᠎ᠠ ᠶᠢᠨ 93.75 ᠬᠤᠪᠢ ᠶᠢ ᠲᠠᠲᠠᠪᠤᠷᠢ ᠠᠴᠠ ᠪᠦᠷᠢᠳᠦᠭᠦᠯᠦᠭᠰᠡᠨ ᠨᠢ ᠡᠮᠦᠨᠡᠬᠢ ᠣᠨ ᠤ ᠮᠥᠨ ᠦᠶ᠎ᠡ ᠡᠴᠡ 34.8 ᠬᠤᠪᠢ ᠪᠠᠷ ᠥᠰᠦᠭᠰᠡᠨ ᠳ᠋ᠦᠩ ᠪᠣᠯᠵᠤ ᠪᠠᠶᠢᠨ᠎ᠠ᠃ ᠡᠭᠦᠨ ᠳᠦ ᠣᠷᠣᠯᠭ᠎ᠠ ᠶᠢᠨ ᠠᠯᠪᠠᠨ ᠲᠠᠲᠠᠪᠤᠷᠢ ᠶᠢᠨ ᠣᠷᠣᠯᠭ᠎ᠠ᠂ ᠨᠡᠮᠡᠭᠳᠡᠯ ᠥᠷᠲᠡᠭ ᠦᠨ ᠠᠯᠪᠠᠨ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠣᠷᠣᠯᠭ᠎ᠠ 19-73 ᠬᠤᠪᠢ ᠪᠠᠷ ᠨᠡᠮᠡᠭᠳᠡᠭᠰᠡᠨ ᠨᠢ ᠭᠣᠣᠯᠯᠠᠨ ᠨᠥᠯᠦᠭᠡᠯᠡᠭᠰᠡᠨ ᠠᠵᠠᠢ᠃