ᠮᠣᠩᠭᠣᠯ ᠤᠯᠤᠰ ᠤᠨ ᠶᠡᠷᠦᠩᠬᠡᠶᠢᠯᠡᠭᠴᠢ ᠤ᠊∙ᠬᠦᠷᠡᠯᠰᠦ᠋ᠬᠡ᠂ ᠭᠡᠷᠭᠡᠢ ᠯ∙ᠪᠣᠯᠣᠷᠴᠡᠴᠡᠭ ᠤᠨ ᠤᠷᠢᠯᠭ᠎ᠠ ᠪᠠᠷ ᠪᠦᠭᠦᠳᠡ ᠨᠠᠶᠢᠷᠠᠮᠳᠠᠬᠤ ᠫᠤᠯᠠᠨᠳ᠋ ᠤᠯᠤᠰ ᠤᠨ ᠶᠡᠷᠦᠩᠬᠡᠶᠢᠯᠡᠭᠴᠢ ᠠᠨᠳ᠋ᠵᠧ ᠳ᠋ᠤᠳᠠ ᠭᠡᠷᠭᠡᠢ ᠠᠭᠠᠲ᠋ᠠ ᠺᠤᠷᠠᠨᠬᠤᠸ᠋ᠽᠧᠷ ᠳ᠋ᠤᠳᠠ ᠶᠢᠨ ᠬᠠᠮᠲᠤ ᠮᠠᠨ ᠤ ᠤᠯᠤᠰ ᠲᠤ ᠳᠦᠷᠪᠡᠳᠦᠭᠡᠷ ᠰᠠᠷ᠎ᠠ ᠶᠢᠨ 24-26 ᠤ ᠡᠳᠦᠷ ᠦᠳ ᠲᠦ ᠲᠥᠷᠥ ᠶᠢᠨ ᠠᠶᠢᠯᠴᠢᠯᠠᠯ ᠬᠢᠨ᠎ᠡ᠃
ᠠᠶᠢᠯᠴᠢᠯᠠᠯ ᠤᠨ ᠦᠶ᠎ᠡ ᠪᠡᠷ ᠮᠣᠩᠭᠣᠯ ᠤᠯᠤᠰ ᠤᠨ ᠶᠡᠷᠦᠩᠬᠡᠶᠢᠯᠡᠭᠴᠢ ᠤ᠊∙ᠬᠦᠷᠡᠯᠰᠦ᠋ᠬᠡ᠂ ᠪᠦᠭᠦᠳᠡ ᠨᠠᠶᠢᠷᠠᠮᠳᠠᠬᠤ ᠫᠤᠯᠠᠨᠳ᠋ ᠤᠯᠤᠰ ᠤᠨ ᠶᠡᠷᠦᠩᠬᠡᠶᠢᠯᠡᠭᠴᠢ ᠠ᠊∙ᠳ᠋ᠤᠳᠠ ᠨᠠᠷ ᠠᠯᠪᠠᠨ ᠶᠣᠰᠣᠨ ᠤ ᠬᠡᠯᠡᠯᠴᠡᠭᠡ ᠬᠢᠵᠦ᠂ ᠤᠯᠠᠮᠵᠢᠯᠠᠯᠲᠤ ᠨᠠᠶᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠥᠷᠭᠡᠨ ᠬᠦᠷᠢᠶᠡᠨ ᠦ ᠠᠰᠠᠭᠤᠳᠠᠯ ᠤᠳ ᠪᠣᠯᠤᠨ ᠣᠯᠠᠨ ᠤᠯᠤᠰ ᠤᠨ ᠬᠠᠷᠢᠯᠴᠠᠭᠠᠨ ᠤ ᠵᠠᠷᠢᠮ ᠠᠰᠠᠭᠤᠳᠠᠯ ᠢ ᠬᠡᠯᠡᠯᠴᠡᠨ᠎ᠡ᠃
ᠠᠶᠢᠯᠴᠢᠯᠠᠯ ᠤᠨ ᠬᠦᠷᠢᠶᠡᠨ ᠳᠦ ᠣᠯᠠᠨ ᠤᠯᠤᠰ ᠤᠨ ᠠᠦ᠋ᠲ᠋ᠣ᠋ ᠲᠡᠭᠡᠭᠡᠪᠦᠷᠢ ᠶᠢᠨ ᠬᠠᠷᠢᠯᠴᠠᠭᠠᠨ ᠤ ᠲᠤᠬᠠᠢ ᠮᠣᠩᠭᠣᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠶᠢᠷᠠᠮᠳᠠᠬᠤ ᠫᠤᠯᠠᠨᠳ᠋ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ ᠪᠣᠯᠤᠨ ᠬᠤᠳᠠᠯᠳᠤᠭ᠎ᠠ᠂ ᠬᠥᠷᠥᠩᠭᠡ ᠣᠷᠣᠭᠤᠯᠤᠯᠲᠠ᠂ ᠰᠢᠨᠵᠢᠯᠡᠬᠦ ᠤᠬᠠᠭᠠᠨ᠂ ᠠᠷᠬᠢᠧ᠂ ᠭᠧᠣᠯᠣᠭᠢ᠂ ᠮᠠᠯ ᠡᠮᠨᠡᠯᠭᠡ ᠵᠡᠷᠭᠡ ᠰᠠᠯᠪᠤᠷᠢ ᠶᠢᠨ ᠬᠠᠮᠲᠤ ᠶᠢᠨ ᠠᠵᠢᠯᠯᠠᠭᠠᠨ ᠤ ᠪᠠᠷᠢᠮᠲᠠ ᠪᠢᠴᠢᠭ ᠦᠳ ᠲᠦ ᠭᠠᠷ ᠤᠨ ᠦᠰᠦᠭ ᠵᠢᠷᠤᠬᠤ ᠪᠠᠷ ᠲᠥᠯᠥᠪᠯᠡᠵᠦ ᠪᠠᠶᠢᠨ᠎ᠠ᠃