ᠣ᠊ ∙ ᠪᠠᠲᠤᠲᠡᠭᠦᠰ《Friendship-2023》ᠲᠡᠮᠡᠴᠡᠭᠡᠨ ᠦ ᠬᠣᠱᠣᠢ ᠠᠪᠤᠷᠭᠤ ᠪᠣᠯᠤᠯ᠎ᠠ | News.MN

ᠣ᠊ ∙ ᠪᠠᠲᠤᠲᠡᠭᠦᠰ《Friendship-2023》ᠲᠡᠮᠡᠴᠡᠭᠡᠨ ᠦ ᠬᠣᠱᠣᠢ ᠠᠪᠤᠷᠭᠤ ᠪᠣᠯᠤᠯ᠎ᠠ

ᠮᠣᠩᠭᠣᠯ ᠤᠨ ᠬᠠᠮᠠᠭᠠᠯᠠᠯᠲᠠ ᠶᠢᠨ ᠪᠤᠤᠳᠠᠯᠭ᠎ᠠ ᠶᠢᠨ ᠬᠣᠯᠪᠣᠭᠠᠨ ᠠᠴᠠ《Friendship-2023》ᠨᠡᠭᠡᠭᠡᠯᠲᠡ ᠲᠡᠢ ᠲᠡᠮᠡᠴᠡᠭᠡᠨ ᠢ ᠳᠦᠷᠪᠡᠳᠦᠭᠡᠷ ᠰᠠᠷ᠎ᠠ ᠶᠢᠨ 15 ᠳᠤ ᠵᠣᠬᠢᠶᠠᠨ ᠪᠠᠶᠢᠭᠤᠯᠵᠠᠢ᠃ ᠡᠨᠡ ᠬᠦ ᠲᠡᠮᠡᠴᠡᠭᠡᠨ ᠳᠦ ᠴᠠᠭᠳᠠᠭ᠎ᠠ ᠶᠢᠨ ᠶᠡᠷᠦᠩᠬᠡᠢ ᠭᠠᠵᠠᠷ ᠤᠨ ᠲᠤᠰᠬᠠᠢ ᠠᠵᠢᠯᠯᠠᠭᠠᠨ ᠤ ᠭᠠᠵᠠᠷ ᠤᠨ ᠮᠡᠷᠭᠡᠨ ᠫᠤᠤᠳᠠᠭᠴᠢ᠂ ᠴᠠᠭᠳᠠᠭ᠎ᠠ ᠶᠢᠨ ᠠᠬᠠᠮᠠᠳ ᠣ᠊ ∙ ᠪᠠᠲᠤᠲᠡᠭᠦᠰ ᠠᠮᠵᠢᠯᠲᠠᠲᠠᠢ ᠣᠷᠣᠯᠴᠠᠵᠤ᠂ PPS ᠠᠩᠭᠢᠯᠠᠯ ᠳᠤ 《ᠲᠡᠷᠢᠭᠦᠨ ᠪᠠᠶᠢᠷᠢ》 ᠡᠵᠡᠯᠡᠵᠦ᠂ ᠠᠯᠲᠠᠨ ᠮᠧᠳᠠᠯ ᠬᠦᠷᠲᠡᠨ ᠬᠣᠱᠣᠢ ᠠᠪᠤᠷᠭᠤ ᠪᠣᠯᠤᠯ᠎ᠠ᠃ ᠤᠭ ᠲᠡᠮᠡᠴᠡᠭᠡᠨ ᠨᠢ  ᠬᠤᠶᠠᠳᠠᠬᠢ ᠤᠳᠠᠭ᠎ᠠ ᠠᠮᠵᠢᠯᠲᠠᠲᠠᠢ ᠵᠣᠬᠢᠶᠠᠨ ᠪᠠᠢᠭᠤᠯᠤᠭᠳᠠᠵᠤ ᠪᠠᠢᠭ᠎ᠠ ᠪᠥᠭᠡᠳ ᠡᠨᠡ ᠤᠳᠠᠭ᠎ᠠ ᠳᠤ  ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠶᠢᠭᠤᠯᠤᠯᠭ᠎ᠠ ᠨᠤᠭᠤᠳ ᠤᠨ 60 ᠣᠷᠴᠢᠮ ᠲᠠᠮᠢᠷᠴᠢᠳ ᠣᠷᠣᠯᠴᠠᠭᠰᠠᠨ ᠶᠤᠮ᠃

ᠰᠡᠳᠬᠢᠭᠳᠡᠯ ᠦᠯᠡᠳᠡᠭᠡᠬᠦ