ᠮᠣᠩᠭᠣᠯ ᠮᠧᠺᠰᠢᠺᠤ ᠶᠢᠨ ᠭᠠᠳᠠᠭᠠᠳᠤ ᠬᠠᠷᠢᠯᠴᠠᠭᠠᠨ ᠤ ᠶᠠᠮᠤᠨ ᠤ ᠠᠭᠤᠯᠵᠠᠯᠲᠠ ᠪᠣᠯᠤᠯ᠎ᠠ | News.MN

ᠮᠣᠩᠭᠣᠯ ᠮᠧᠺᠰᠢᠺᠤ ᠶᠢᠨ ᠭᠠᠳᠠᠭᠠᠳᠤ ᠬᠠᠷᠢᠯᠴᠠᠭᠠᠨ ᠤ ᠶᠠᠮᠤᠨ ᠤ ᠠᠭᠤᠯᠵᠠᠯᠲᠠ ᠪᠣᠯᠤᠯ᠎ᠠ

ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ᠂ ᠮᠧᠺᠰᠢᠺᠤ ᠶᠢᠨ ᠨᠢᠭᠡᠳᠦᠭᠰᠡᠨ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ ᠬᠣᠭᠣᠷᠣᠨᠳᠣ ᠶᠢᠨ ᠠᠩᠬᠠᠳᠤᠭᠠᠷ ᠤᠯᠤᠰ ᠲᠥᠷᠥ ᠶᠢᠨ ᠵᠥᠪᠯᠡᠯᠳᠦᠬᠦ ᠠᠭᠤᠯᠵᠠᠯᠲᠠ ᠶᠢ ᠳᠥᠷᠪᠡᠳᠦᠭᠡᠷ ᠰᠠᠷ᠎ᠠ ᠶᠢᠨ 19  ᠦ ᠡᠳᠦᠷ ᠴᠠᠬᠢᠮ ᠬᠡᠯᠪᠡᠷᠢ ᠪᠡᠷ ᠵᠣᠬᠢᠶᠠᠨ ᠪᠠᠶᠢᠭᠤᠯᠪᠠ᠃
ᠲᠥᠯᠥᠭᠡᠯᠡᠭᠴᠢᠳ ᠢ ᠮᠣᠩᠭᠣᠯ ᠤᠨ ᠲᠠᠯ᠎ᠠ ᠠᠴᠠ ᠭᠠᠳᠠᠭᠠᠳᠤ ᠬᠠᠷᠢᠯᠴᠠᠭᠠᠨ ᠤ ᠶᠠᠮᠤᠨ ᠤ ᠠᠮᠧᠷᠢᠺᠠ᠂ ᠣᠶᠢᠷᠠᠬᠢ ᠳᠣᠷᠣᠨᠠᠲᠤ᠂ ᠠᠹᠷᠢᠺᠠ ᠶᠢᠨ ᠭᠠᠵᠠᠷ ᠤᠨ ᠵᠠᠬᠢᠷᠤᠯ ᠠ᠊∙ᠠᠨᠠᠨᠳᠠ᠂ ᠮᠧᠺᠰᠢᠺᠤ ᠶᠢᠨ ᠲᠠᠯ᠎ᠠ ᠠᠴᠠ ᠭᠠᠳᠠᠭᠠᠳᠤ ᠬᠠᠷᠢᠯᠴᠠᠭᠠᠨ ᠤ ᠶᠠᠮᠤᠨ ᠤ ᠠᠽᠢᠶ᠎ᠠ᠂ ᠨᠣᠮᠣᠬᠠᠨ ᠳᠠᠯᠠᠢ ᠶᠢᠨ ᠭᠠᠵᠠᠷ ᠤᠨ ᠶᠡᠷᠦᠩᠬᠡᠢ ᠵᠠᠬᠢᠷᠤᠯ  ᠹᠧᠷᠨᠠᠨᠳᠤ᠋ ᠭᠣᠨᠵᠠᠯᠧᠰ ᠲᠡᠷᠢᠭᠦᠯᠡᠵᠦ ᠤᠷᠤᠯᠴᠠᠪᠠ᠃
ᠠᠭᠤᠯᠵᠠᠯᠲᠠ ᠶᠢᠨ ᠦᠶ᠎ᠡ ᠪᠡᠷ ᠮᠣᠩᠭᠣᠯ᠂ ᠮᠧᠺᠰᠢᠺᠤ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠬᠠᠷᠢᠯᠴᠠᠨ ᠰᠣᠨᠢᠷᠬᠠᠭᠰᠠᠨ ᠪᠦᠬᠦᠢ ᠯᠠ ᠰᠠᠯᠪᠤᠷᠢ ᠳᠤ ᠬᠥᠭᠵᠢᠭᠦᠯᠬᠦ ᠡᠷᠡᠮᠡᠯᠵᠡᠯ ᠲᠡᠢ ᠪᠠᠢᠳᠠᠭ ᠢᠶᠠᠨ ᠬᠠᠷᠢᠯᠴᠠᠨ ᠨᠣᠲᠠᠯᠠᠵᠤ᠂ ᠴᠢᠨᠠᠭᠰᠢᠳᠠ ᠬᠤᠳᠠᠯᠳᠤᠭ᠎ᠠ᠂ ᠡᠳ᠋ ᠦᠨ ᠵᠠᠰᠠᠭ᠂ ᠬᠥᠷᠥᠩᠭᠡ ᠣᠷᠣᠭᠤᠯᠤᠯᠲᠠ᠂ ᠠᠶᠠᠯᠠᠯ ᠵᠢᠭᠤᠯᠴᠢᠯᠠᠯ᠂ ᠪᠣᠯᠪᠠᠰᠤᠷᠠᠯ᠂ ᠰᠤᠶᠤᠯ᠂ ᠰᠫᠣᠷᠲ ᠵᠡᠷᠭᠡ ᠰᠠᠯᠪᠤᠷᠢ ᠳᠤ ᠲᠦᠯᠬᠢᠭᠦᠦ ᠥᠷᠭᠡᠵᠢᠭᠦᠯᠬᠦ᠂ ᠢᠷᠭᠡᠳ ᠬᠣᠭᠣᠷᠣᠨᠳᠣ ᠶᠢᠨ ᠬᠡᠯᠬᠢᠶ᠎ᠡ ᠬᠣᠯᠪᠣᠭ᠎ᠠ ᠶᠢ ᠨᠡᠮᠡᠭᠳᠡᠭᠦᠯᠬᠦ ᠶᠢᠨ ᠲᠥᠯᠥᠭᠡ ᠪᠠᠶᠢᠭ᠎ᠠ ᠪᠠᠨ ᠢᠯᠡᠷᠬᠡᠶᠢᠯᠡᠪᠡ᠃

ᠰᠡᠳᠬᠢᠭᠳᠡᠯ ᠦᠯᠡᠳᠡᠭᠡᠬᠦ