ᠮᠣᠩᠭᠣᠯ ᠤᠯᠤᠰ ᠲᠤ ᠰᠠᠭᠤᠭ᠎ᠠ ᠠᠮᠧᠷᠢᠺᠠ ᠶᠢᠨ ᠡᠯᠴᠢᠨ ᠰᠠᠶᠢᠳ ᠲᠠᠢ ᠠᠭᠤᠯᠵᠠᠪᠠ | News.MN

ᠮᠣᠩᠭᠣᠯ ᠤᠯᠤᠰ ᠲᠤ ᠰᠠᠭᠤᠭ᠎ᠠ ᠠᠮᠧᠷᠢᠺᠠ ᠶᠢᠨ ᠡᠯᠴᠢᠨ ᠰᠠᠶᠢᠳ ᠲᠠᠢ ᠠᠭᠤᠯᠵᠠᠪᠠ

ᠰᠤᠶᠤᠯ ᠤᠨ ᠶᠠᠮᠤᠨ ᠤ ᠰᠠᠶᠢᠳ ᠴ∙ᠨᠣᠮᠢᠨ ᠥᠨᠥᠳᠥᠷ ᠠᠮᠧᠷᠢᠺᠠ ᠶᠢᠨ ᠨᠢᠭᠡᠳᠦᠭᠰᠡᠨ ᠤᠯᠤᠰ᠍ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠷᠢᠴᠠᠷᠲ ᠯ∙ᠪᠤᠩᠭᠠᠨ ᠢ ᠶᠠᠮᠤᠨ ᠳᠤ ᠪᠠᠨ ᠬᠦᠯᠢᠶᠡᠨ ᠠᠪᠴᠤ ᠠᠭᠤᠯᠵᠠᠯ᠎ᠠ᠃ ᠡᠨᠡ ᠤᠳᠠᠭ᠎ᠠ ᠶᠢᠨ ᠠᠭᠤᠯᠵᠠᠯᠲᠠ ᠨᠢ ᠡᠯᠴᠢᠨ ᠰᠠᠢᠳ ᠤᠨ  ᠰᠤᠶᠤᠯ ᠤᠨ ᠰᠠᠶᠢᠳ ᠲᠠᠢ ᠬᠢᠵᠦ ᠪᠤᠢ ᠠᠯᠪᠠᠨ ᠶᠣᠰᠣᠨ ᠤ ᠡᠬᠢᠨ ᠦ ᠠᠭᠤᠯᠵᠠᠯᠲᠠ ᠶᠤᠮ᠃ ᠴ∙ᠨᠣᠮᠢᠨ ᠬᠢᠯᠢ ᠶᠢᠨ ᠴᠢᠨᠠᠳᠤ ᠳ᠋ᠡᠬᠢ ᠮᠣᠩᠭᠣᠯ ᠰᠤᠶᠤᠯ ᠤᠨ ᠥᠪ ᠢ ᠰᠤᠷᠪᠤᠯᠵᠢᠯᠠᠨ ᠤᠯᠬᠤ᠂ ᠰᠤᠳᠤᠯᠬᠤ᠂ ᠨᠢᠭᠡᠳᠦᠭᠰᠡᠨ ᠺᠠᠲ᠋ᠠᠯᠤᠭᠢ ᠬᠢᠬᠦ᠂ ᠡᠬᠡ ᠣᠷᠣᠨ ᠳᠤ ᠪᠠᠨ ᠡᠷᠭᠢᠭᠦᠯᠦᠨ ᠠᠪᠬᠤ ᠴᠢᠭᠯᠡᠯ ᠢᠶᠡᠷ ᠪᠤᠰᠤᠳ ᠤᠯᠤᠰ ᠣᠷᠣᠨ ᠲᠠᠢ ᠢᠳᠡᠪᠬᠢᠲᠡᠢ ᠬᠠᠮᠲᠤᠷᠠᠨ ᠠᠵᠢᠯᠯᠠᠵᠤ ᠪᠠᠶᠢᠭ᠎ᠠ ᠲᠠᠯ᠎ᠠ ᠪᠠᠷ ᠲᠠᠨᠢᠯᠴᠠᠭᠤᠯᠤᠯ᠎ᠠ᠃

ᠮᠦᠨ ᠮᠣᠩᠭᠣᠯ ᠡᠴᠡ ᠭᠠᠷᠤᠯ ᠲᠠᠢ ᠦᠯᠭᠡ ᠭᠦᠷᠪᠡᠯ ᠦᠨ ᠣᠯᠳᠠᠪᠤᠷᠢ ᠨᠤᠭᠤᠳ ᠢ ᠪᠤᠴᠠᠭᠠᠨ ᠠᠪᠬᠤ ᠠᠵᠢᠯ ᠢ ᠬᠣᠯᠪᠣᠭᠳᠠᠬᠤ ᠪᠠᠶᠢᠭᠤᠯᠤᠯᠭ᠎ᠠ ᠨᠤᠭᠤᠳ ᠲᠠᠢ ᠬᠠᠮᠲᠤᠷᠠᠨ ᠥᠷᠭᠡᠨ ᠬᠦᠷᠢᠶᠡᠨ ᠳᠦ ᠬᠡᠷᠡᠭᠵᠢᠭᠦᠯᠵᠦ ᠪᠠᠶᠢᠭ᠎ᠠ ᠲᠠᠯ᠎ᠠ ᠪᠠᠷ ᠬᠡᠯᠡᠵᠦ᠂ ᠬᠠᠤᠯᠢ ᠪᠤᠰᠤ ᠪᠠᠷ ᠠᠮᠧᠷᠢᠺᠠ  ᠳᠦ ᠣᠴᠢᠭᠰᠠᠨ ᠭᠦᠷᠪᠡᠯ ᠦᠨ ᠣᠯᠳᠠᠪᠤᠷᠢ ᠨᠤᠭᠤᠳ ᠢ ᠪᠤᠴᠠᠭᠠᠨ ᠠᠪᠬᠤ ᠠᠵᠢᠯ ᠳᠤ ᠳᠡᠮᠵᠢᠯᠭᠡ ᠦᠵᠡᠭᠦᠯᠬᠦ ᠶᠢ ᠬᠦᠰᠡᠪᠡ᠃ ᠲᠡᠭᠦᠨᠴᠢᠯᠡᠨ ᠮᠣᠩᠭᠣᠯ ᠤᠨ ᠤᠷᠠᠯᠢᠭ ᠤᠨ ᠵᠥᠪᠯᠡᠯ ᠨᠢ ᠳᠡᠯᠡᠬᠡᠢ ᠬᠥᠰᠢᠶ᠎ᠡ ᠳᠤᠷᠠᠰᠬᠠᠯ ᠤᠨ ᠰᠠᠩ ᠢᠶᠠᠷ ᠢᠶᠠᠨ ᠳᠠᠮᠵᠢᠭᠤᠯᠤᠨ ᠠᠮᠧᠷᠢᠺᠠ ᠶᠢᠨ ᠡᠯᠴᠢᠨ ᠰᠠᠶᠢᠳ ᠤᠨ ᠨᠡᠷᠡᠮᠵᠢᠲᠦ ᠰᠤᠶᠤᠯ ᠤᠨ ᠥᠪ ᠢ ᠬᠠᠮᠠᠭᠠᠯᠠᠬᠤ ᠰᠠᠩ ᠤᠨ ᠪᠤᠴᠠᠯᠲᠠ ᠦᠭᠡᠢ ᠲᠤᠰᠠᠯᠠᠮᠵᠢ ᠪᠠᠷ ᠴᠣᠶᠢᠵᠣᠩ ᠯᠠᠮ᠎ᠠ ᠶᠢᠨ ᠰᠦᠮ᠎ᠡ ᠮᠦᠽᠧᠢ ᠶᠢᠨ ᠢᠳᠠᠮ ᠰᠦᠮ᠎ᠡ ᠶᠢ ᠰᠡᠷᠭᠦᠭᠡᠨ ᠵᠠᠰᠠᠪᠤᠷᠢᠯᠠᠵᠤ ᠪᠠᠶᠢᠭ᠎ᠠ ᠶᠤᠮ᠃ ᠰᠡᠷᠭᠦᠭᠡᠨ ᠵᠠᠰᠠᠪᠤᠷᠢᠯᠠᠯᠲᠠ ᠶᠢᠨ ᠠᠵᠢᠯ ᠳᠠᠭᠤᠰᠴᠤ ᠪᠠᠶᠢᠭ᠎ᠠ ᠪᠥᠭᠡᠳ ᠡᠨᠡ ᠬᠦ ᠲᠥᠰᠥᠯ ᠢ ᠴᠠᠭᠠᠰᠢᠳᠠ ᠦᠷᠭᠦᠯᠵᠢᠯᠡᠭᠦᠯᠵᠦ᠂ ᠰᠤᠶᠤᠯ ᠤᠨ ᠥᠪ ᠦᠨ ᠰᠡᠷᠭᠦᠭᠡᠨ ᠵᠠᠰᠠᠪᠤᠷᠢᠯᠠᠯᠲᠠ ᠶᠢᠨ ᠴᠢᠭᠯᠡᠯ ᠳᠦ ᠴᠢᠨᠠᠭᠰᠢᠳᠠ ᠬᠠᠮᠲᠤᠷᠠᠨ ᠠᠵᠢᠯᠯᠠᠬᠤ ᠰᠣᠨᠢᠷᠬᠠᠯᠲᠠᠢ ᠪᠤᠢ ᠪᠠᠨ ᠰᠤᠶᠤᠯ ᠤᠨ ᠰᠠᠶᠢᠳ ᠢᠯᠡᠷᠬᠡᠶᠢᠯᠡᠭᠰᠡᠨ ᠶᠤᠮ᠃

ᠰᠡᠳᠬᠢᠭᠳᠡᠯ ᠦᠯᠡᠳᠡᠭᠡᠬᠦ