ᠨᠢᠦ᠋ ᠶᠤᠷᠺ ᠬᠤᠲᠠᠨ᠎ᠠ 2023 ᠣᠨ ᠤ ᠳᠦᠷᠪᠡᠳᠦᠭᠡᠷ ᠰᠠᠷ᠎ᠠ ᠶᠢᠨ 17-20 ᠤ ᠡᠳᠦᠷ ᠦᠳ ᠲᠦ ᠪᠣᠯᠤᠭᠰᠠᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠡᠳ᠋ ᠦᠨ ᠵᠠᠰᠠᠭ᠂ ᠨᠡᠶᠢᠭᠡᠮ ᠤᠨ ᠵᠥᠪᠯᠡᠯ ᠦᠨ ᠬᠥᠭᠵᠢᠯ ᠦᠨ ᠰᠠᠩᠬᠦᠦᠵᠢᠯᠲᠡ ᠶᠢᠨ ᠲᠤᠬᠠᠢ ᠴᠢᠭᠤᠯᠭ᠎ᠠ ᠠᠭᠤᠯᠵᠠᠯᠲᠠ ᠶᠢᠨ ᠦᠶ᠎ᠡ ᠪᠡᠷ ᠡᠳ᠋ ᠦᠨ ᠵᠠᠰᠠᠭ᠂ ᠬᠥᠭᠵᠢᠯ ᠦᠨ ᠶᠠᠮᠤᠨ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠣᠯᠠᠨ ᠤᠯᠤᠰ ᠤᠨ ᠬᠥᠭᠵᠢᠯ᠂ ᠬᠠᠮᠲᠤ ᠶᠢᠨ ᠠᠵᠢᠯᠯᠠᠭᠠᠨ ᠤ ᠠᠭᠧᠨᠲᠯᠢᠭ ᠤᠨ ᠬᠣᠭᠣᠷᠣᠨᠳᠣ 《ᠬᠥᠭᠵᠢᠯ ᠦᠨ ᠬᠠᠮᠲᠤ ᠶᠢᠨ ᠠᠵᠢᠯᠯᠠᠭ᠎ᠠ ᠶᠢ ᠡᠷᠴᠢᠮᠵᠢᠭᠦᠯᠬᠦ᠂ ᠳᠠᠶᠠᠩ ᠳᠡᠯᠡᠬᠡᠢ ᠶᠢᠨ ᠬᠥᠭᠵᠢᠯ ᠦᠨ ᠰᠠᠨᠠᠭᠠᠴᠢᠯᠠᠭ᠎ᠠ ᠶᠢᠨ ᠬᠡᠷᠡᠭᠵᠢᠯᠲᠡ ᠶᠢ ᠤᠷᠤᠭᠰᠢᠯᠠᠭᠤᠯᠬᠤ ᠲᠤᠬᠠᠢ》ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ ᠪᠠᠶᠢᠭᠤᠯᠪᠠ᠃ ᠰᠠᠨᠠᠮᠵᠢ ᠪᠢᠴᠢᠭ ᠲᠦ ᠮᠣᠩᠭᠣᠯ ᠤᠯᠤᠰ ᠤᠨ ᠰᠢᠳᠠᠷ ᠰᠠᠶᠢᠳ ᠪᠥᠭᠡᠳ ᠡᠳ᠋ ᠦᠨ ᠵᠠᠰᠠᠭ᠂ ᠬᠥᠭᠵᠢᠯ ᠦᠨ ᠰᠠᠶᠢᠳ ᠴ ∙ ᠬᠦᠷᠡᠯᠪᠠᠭᠠᠲᠤᠷ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠣᠯᠠᠨ ᠤᠯᠤᠰ ᠤᠨ ᠬᠥᠭᠵᠢᠯ ᠦᠨ ᠬᠠᠮᠲᠤ ᠶᠢᠨ ᠠᠵᠢᠯᠯᠠᠭᠠᠨ ᠤ ᠠᠭᠧᠨᠲᠯᠢᠭ ᠤᠨ ᠳᠠᠷᠤᠭ᠎ᠠ ᠯᠦᠸ᠋ᠸ ᠵᠤᠤ ᠬᠤᠢ ᠭᠠᠷ ᠤᠨ ᠦᠰᠦᠭ ᠵᠢᠷᠤᠪᠠ᠃
ᠲᠠᠯ᠎ᠠ ᠨᠤᠭᠤᠳ ᠬᠢᠲᠠᠳ ᠤᠨ ᠵᠢᠭᠡᠯᠡ ᠲᠤᠰᠠᠯᠠᠮᠵᠢ ᠪᠣᠯᠤᠨ《ᠳᠠᠶᠠᠩ ᠳᠡᠯᠡᠬᠡᠢ ᠶᠢᠨ ᠬᠥᠭᠵᠢᠯ ᠪᠠ ᠡᠮᠦᠨᠡᠲᠦ᠂ᠡᠮᠦᠨᠡᠲᠦ ᠶᠢᠨ ᠬᠠᠮᠲᠤ ᠶᠢᠨ ᠠᠵᠢᠯᠯᠠᠭᠠᠨ ᠤ ᠰᠠᠩ》 ᠦᠨ ᠳᠡᠮᠵᠢᠯᠭᠡ ᠪᠡᠷ ᠮᠣᠩᠭᠣᠯ ᠤᠯᠤᠰ ᠲᠤ ᠶᠠᠳᠠᠭᠤᠷᠠᠯ ᠢ ᠪᠠᠭᠤᠷᠠᠭᠤᠯᠬᠤ᠂ ᠡᠷᠡᠭᠦᠯ ᠮᠡᠨᠳᠦ ᠶᠢ ᠬᠠᠮᠠᠭᠠᠯᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ᠂ ᠨᠣᠭᠣᠭᠠᠨ ᠬᠥᠭᠵᠢᠯ᠂ ᠴᠠᠬᠢᠮ ᠡᠳ᠋ ᠦᠨ ᠵᠠᠰᠠᠭ᠂ ᠳᠡᠳ᠋ ᠪᠦᠲᠦᠴᠡ ᠵᠡᠷᠭᠡ ᠰᠠᠯᠪᠤᠷᠢ᠂ ᠴᠢᠭᠯᠡᠯ ᠢ ᠴᠢᠬᠤᠯᠠᠴᠢᠯᠠᠨ ᠠᠩᠬᠠᠷᠬᠤ᠂ ᠲᠤᠷᠰᠢᠯᠭ᠎ᠠ ᠬᠤᠪᠢᠶᠠᠯᠴᠠᠬᠤ᠂ ᠴᠢᠳᠠᠪᠬᠢ ᠶᠢ ᠪᠡᠬᠢᠵᠢᠭᠦᠯᠬᠦ᠂ ᠪᠣᠳᠠᠲᠤ ᠬᠠᠮᠲᠤ ᠶᠢᠨ ᠠᠵᠢᠯᠯᠠᠭ᠎ᠠ ᠶᠢ ᠢᠳᠡᠪᠬᠢᠲᠡᠢ ᠬᠥᠭᠵᠢᠭᠦᠯᠬᠦ ᠪᠡᠷ ᠲᠣᠬᠢᠷᠠᠯᠴᠠᠪᠠ᠃