ᠤᠯᠤᠰ ᠤᠨ ᠶᠡᠬᠡ ᠬᠤᠷᠠᠯ ᠤᠨ ᠭᠡᠰᠢᠭᠦᠨ᠂ ᠦᠢᠯᠡᠳᠪᠦᠷᠢᠵᠢᠯᠲᠡ ᠶᠢᠨ ᠪᠣᠳᠣᠯᠭ᠎ᠠ ᠶᠢᠨ ᠪᠠᠶᠢᠩᠭᠤ ᠶᠢᠨ ᠬᠣᠷᠢᠶᠠᠨ ᠤ ᠳᠠᠷᠤᠭ᠎ᠠ ᠲ ∙ ᠡᠩᠬᠡᠲᠦ᠋ᠪᠰᠢᠨ ᠥᠨᠥᠳᠥᠷ︵04.24︶ᠮᠣᠩᠭᠣᠯ ᠤᠯᠤᠰ ᠲᠤ ᠭᠠᠵᠠᠷ ᠤᠨ ᠲᠣᠰᠣ ᠳᠠᠮᠵᠢᠭᠤᠯᠬᠤ ᠬᠣᠭᠣᠯᠠᠢ ᠪᠠᠷᠢᠬᠤ ᠲᠥᠰᠥᠯ ᠦᠨ ᠭᠦᠢᠴᠡᠳᠬᠡᠭᠴᠢ ᠪᠡᠷ ᠰᠢᠯᠭᠠᠷᠠᠭᠰᠠᠨ ᠬᠢᠲᠠᠳ ᠤᠨ ᠲᠥᠷᠥ ᠶᠢᠨ ᠥᠮᠴᠢᠲᠤ 《ᠨᠣᠷᠢᠨᠺᠣ》 ᠭᠷᠦ᠋ᠫ ᠦᠨ ᠳᠡᠳ᠋ ᠶᠡᠷᠦᠩᠬᠡᠶᠢᠯᠡᠭᠴᠢ ᠸᠠᠩ ᠢ ᠲᠦᠩ ᠲᠡᠷᠢᠭᠦᠲᠡᠢ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠯ᠎ᠠ᠃
ᠳᠣᠷᠣᠨᠠᠲᠤ ᠠᠶᠢᠮᠠᠭ ᠳᠠᠬᠢ ᠲᠠᠮᠰᠤᠭ ᠤᠨ ᠭᠠᠵᠠᠷ ᠤᠨ ᠲᠣᠰᠤᠨ ᠤ ᠣᠷᠳᠣ ᠭᠠᠵᠠᠷ ᠠᠴᠠ ᠳᠣᠷᠣᠨᠠᠭᠣᠪᠢ ᠠᠶᠢᠮᠠᠭ ᠤᠨ ᠠᠯᠲᠠᠨᠰᠢᠷᠡᠭᠡ ᠰᠤᠮᠤᠨ ᠳᠤ ᠪᠠᠷᠢᠭᠳᠠᠵᠤ ᠪᠤᠢ ᠨᠧᠹᠲ ᠪᠣᠯᠪᠠᠰᠤᠷᠠᠭᠤᠯᠬᠤ ᠦᠢᠯᠡᠳᠪᠦᠷᠢ ᠬᠦᠷᠲᠡᠯ᠎ᠡ ᠨᠡᠶᠢᠲᠡ 530 ᠺᠢᠯᠣᠮᠧᠲ᠋ᠷ ᠤᠷᠲᠤ᠂ ᠡᠷᠭᠦᠬᠦ᠂ ᠬᠠᠯᠬᠤ ᠨᠠᠰᠣᠰ ᠪᠦᠬᠦᠢ ᠲᠦᠭᠦᠬᠡᠢ ᠲᠣᠰᠣ ᠳᠠᠮᠵᠢᠭᠤᠯᠬᠤ ᠬᠣᠭᠣᠯᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠨᠡ ᠰᠠᠷ᠎ᠠ ᠶᠢᠨ 28 ᠳᠦ ᠡᠬᠢᠯᠡᠭᠦᠯᠬᠦ ᠶᠤᠮ᠃ ᠲᠤᠰ ᠭᠷᠦᠶᠢᠫ ᠦᠨ ᠳᠡᠳ᠋ ᠶᠡᠷᠦᠩᠬᠡᠶᠢᠯᠡᠭᠴᠢ ᠲᠡᠷᠢᠭᠦᠲᠡᠢ ᠲᠥᠯᠥᠭᠡᠯᠡᠭᠴᠢᠳ ᠪᠦᠲᠦᠭᠡᠨ ᠪᠠᠶᠢᠭᠤᠯᠤᠯᠲᠠ ᠡᠬᠢᠯᠡᠭᠦᠯᠬᠦ ᠶᠣᠰᠣᠯᠠᠯ ᠤᠨ ᠦᠢᠯᠡ ᠠᠵᠢᠯᠯᠠᠭᠠᠨ ᠳᠤ ᠣᠷᠣᠯᠴᠠᠬᠤ ᠪᠠᠷ ᠮᠠᠨ ᠤ ᠤᠯᠤᠰ ᠲᠤ ᠢᠷᠡᠵᠡᠢ᠃
《ᠨᠣᠷᠢᠨᠺᠣ》ᠭᠷᠦ᠋ᠫ ᠪᠣᠯ ᠣᠯᠠᠨ ᠰᠠᠯᠪᠤᠷᠢ ᠳᠤ ᠦᠢᠯᠡ ᠠᠵᠢᠯᠯᠠᠭ᠎ᠠ ᠶᠠᠪᠤᠭᠤᠯᠳᠠᠭ ᠺᠣᠮᠫᠠᠨᠢ ᠪᠣᠯᠬᠤ ᠶᠢ ᠳᠡᠳ᠋ ᠶᠡᠷᠦᠩᠬᠡᠶᠢᠯᠡᠭᠴᠢ ᠸᠠᠩ ᠢ ᠲᠦᠩ ᠲᠠᠨᠢᠯᠴᠠᠭᠤᠯᠵᠤ᠂ ᠡᠨᠡ ᠰᠠᠷ᠎ᠠ ᠶᠢᠨ ᠠᠷᠪᠠᠨ ᠳᠦ ᠭᠡᠷ᠎ᠡ ᠳᠦ ᠭᠠᠷ ᠤᠨ ᠦᠰᠦᠭ ᠵᠢᠷᠤᠭᠰᠠᠨ ᠠᠴᠠ ᠪᠠᠨ ᠡᠬᠢᠯᠡᠨ ᠨᠧᠹᠲ ᠦᠨ ᠬᠣᠭᠣᠯᠠᠢ ᠲᠠᠲᠠᠬᠤ ᠮᠣᠩᠭᠣᠯ ᠤᠯᠤᠰ ᠤᠨ ᠪᠦᠲᠦᠭᠡᠨ ᠪᠠᠶᠢᠭᠤᠯᠤᠯᠲᠠ ᠳᠤ ᠥᠨᠳᠥᠷ ᠠᠩᠬᠠᠷᠤᠯ ᠲᠠᠯᠪᠢᠵᠤ᠂ ᠵᠢᠷᠤᠭ ᠳ᠋ᠢᠽᠢᠶᠠᠨ᠂ ᠲᠥᠯᠥᠪᠯᠡᠯᠲᠡ ᠵᠡᠷᠭᠡ ᠪᠡᠯᠡᠳᠬᠡᠯ ᠠᠵᠢᠯ ᠳᠤ ᠶᠡᠬᠡᠬᠡᠨ ᠠᠴᠢ ᠬᠣᠯᠪᠣᠭᠳᠠᠯ ᠥᠭᠴᠦ ᠠᠵᠢᠯᠯᠠᠭᠰᠠᠨ ᠢᠶᠠᠨ ᠳᠤᠷᠠᠳᠪᠠ᠃ ᠲᠡᠷᠡᠪᠡᠷ᠂ ᠬᠣᠶᠠᠷ ᠲᠠᠯ᠎ᠠ ᠶᠢᠨ ᠬᠠᠷᠢᠯᠴᠠᠨ ᠣᠶᠢᠯᠠᠭᠠᠯᠴᠠᠯ᠂ ᠬᠠᠮᠲᠤ ᠶᠢᠨ ᠠᠵᠢᠯᠯᠠᠭᠠᠨ ᠤ ᠦᠷ᠎ᠡ ᠳ᠋ᠦᠩ ᠳᠦ ᠪᠦᠲᠦᠭᠡᠨ ᠪᠠᠶᠢᠭᠤᠯᠤᠯᠲᠠ ᠠᠮᠵᠢᠯᠲᠠ ᠲᠠᠢ ᠪᠣᠯᠤᠨ᠎ᠠ ᠭᠡᠳᠡᠭ ᠲᠦ ᠢᠲᠡᠭᠡᠯ ᠲᠡᠢ ᠪᠠᠶᠢᠨ᠎ᠠ ᠭᠡᠵᠡᠢ᠃