ᠳᠥᠷᠪᠡᠳᠦᠭᠡᠷ ᠰᠠᠷ᠎ᠠ ᠶᠢᠨ ᠬᠤᠷᠢᠨ ᠨᠢᠭᠡᠨ ᠤ ᠡᠳᠦᠷ ᠰᠡᠯᠡᠩᠭᠡ ᠠᠶᠢᠮᠠᠭ ᠤᠨ ᠰᠠᠶᠢᠬᠠᠨ ᠰᠤᠮᠤ ᠶᠢᠨ ᠬᠣᠶᠠᠳᠤᠭᠠᠷ ᠪᠠᠭ ᠲᠤ 《ᠪᠠᠶᠢᠰᠢᠩ ᠰᠢᠲᠠᠵᠤ ᠪᠠᠶᠢᠨ᠎ᠠ》 ᠭᠡᠬᠦ ᠳᠠᠭᠤᠳᠠᠯᠭ᠎ᠠ ᠮᠡᠳᠡᠭᠡᠯᠡᠯ ᠴᠠᠭᠳᠠᠭ᠎ᠠ ᠶᠢᠨ ᠪᠠᠶᠢᠭᠤᠯᠤᠯᠭ᠎ᠠ ᠳᠤ ᠪᠦᠷᠢᠳᠬᠡᠭᠳᠡᠵᠡᠢ᠃ ᠴᠠᠭᠳᠠᠭ᠎ᠠ ᠨᠠᠷ ᠰᠢᠯᠭᠠᠯᠲᠠ ᠶᠢᠨ ᠠᠵᠢᠯᠯᠠᠭ᠎ᠠ ᠶᠠᠪᠤᠭᠤᠯᠬᠤ ᠳᠤ ᠰᠠᠶᠢᠬᠠᠨ ᠰᠤᠮᠤ ᠶᠢᠨ ᠢᠷᠭᠡᠨ 《ᠴ》 ᠦᠨ ᠡᠵᠡᠮᠰᠢᠯ ᠦᠨ ᠬᠦᠮᠦᠨ ᠠᠮᠢᠳᠤᠷᠠᠳᠠᠭ ᠦᠭᠡᠢ ᠪᠠᠶᠢᠰᠢᠩ ᠳᠤ ᠲᠤᠰ ᠰᠤᠮᠤᠨ ᠳᠤ ᠣᠷᠣᠰᠢᠨ ᠰᠠᠭᠤᠳᠠᠭ ᠳᠣᠯᠣᠭᠠᠨ ᠨᠠᠰᠤᠲᠠᠢ ᠭᠤᠷᠪᠠᠨ ᠬᠡᠦᠬᠡᠳ ᠭᠠᠯ ᠲᠠᠯᠪᠢᠭᠰᠠᠨ ᠨᠢ ᠲᠣᠭᠲᠠᠭᠠᠭᠳᠠᠭᠰᠠᠨ ᠪᠠᠶᠢᠨ᠎ᠠ᠃ ᠤᠭ ᠦᠢᠯᠡᠳᠦᠯ ᠳᠦ ᠮᠥᠷᠳᠡᠨ ᠰᠢᠯᠭᠠᠬᠤ ᠠᠵᠢᠯᠯᠠᠭ᠎ᠠ ᠦᠷᠭᠦᠯᠵᠢᠯᠡᠵᠦ ᠪᠠᠶᠢᠭ᠎ᠠ ᠪᠥᠭᠡᠳ ᠬᠡᠦᠬᠡᠳ ᠲᠦ ᠪᠡᠨ ᠲᠠᠯᠪᠢᠬᠤ ᠬᠠᠷᠢᠶ᠎ᠠ ᠬᠢᠨᠠᠯᠲᠠ ᠪᠠᠨ ᠰᠠᠶᠢᠵᠢᠷᠠᠭᠤᠯᠬᠤ ᠶᠢ ᠴᠠᠭᠳᠠᠭ᠎ᠠ ᠶᠢᠨ ᠪᠠᠶᠢᠭᠤᠯᠤᠯᠭ᠎ᠠ ᠠᠴᠠ ᠵᠥᠪᠯᠡᠪᠡ᠃