ᠭ ∙ ᠽᠠᠨᠳᠠᠨᠰᠢᠲᠠᠷ᠎ᠠ ᠠᠨᠳ᠋ᠵᠸᠢ ᠳ᠋ᠤᠳᠠ ᠲᠠᠢ ᠠᠭᠤᠯᠵᠠᠪᠠ | News.MN

ᠭ ∙ ᠽᠠᠨᠳᠠᠨᠰᠢᠲᠠᠷ᠎ᠠ ᠠᠨᠳ᠋ᠵᠸᠢ ᠳ᠋ᠤᠳᠠ ᠲᠠᠢ ᠠᠭᠤᠯᠵᠠᠪᠠ

ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ 04 ᠰᠠᠷ᠎ᠠ ᠶᠢᠨ 25 ᠳᠦ  ᠮᠠᠨ ᠤ ᠤᠯᠤᠰ ᠲᠤ ᠲᠥᠷᠥ ᠶᠢᠨ ᠠᠶᠢᠯᠴᠢᠯᠠᠯ ᠬᠢᠵᠦ ᠪᠤᠢ ᠫᠤᠯᠱᠠ ᠤᠯᠤᠰ ᠤᠨ ᠶᠡᠷᠦᠩᠬᠡᠶᠢᠯᠡᠭᠴᠢ ᠠᠨᠳ᠋ᠵᠸᠢ ᠳ᠋ᠤᠳᠠ ᠲᠠᠢ ᠠᠭᠤᠯᠵᠠᠪᠠ᠃
ᠭ∙ᠽᠠᠨᠳᠠᠨᠰᠢᠲᠠᠷ᠎ᠠ ᠣᠯᠠᠨ ᠤᠯᠤᠰ ᠤᠨ ᠬᠠᠷᠢᠯᠴᠠᠭ᠎ᠠ᠂ ᠭᠧᠣᠫᠣᠯᠢᠲ᠋ᠢᠺ ᠤᠨ ᠡᠭᠡᠳᠡᠷᠡᠭᠡ ᠲᠡᠢ ᠨᠥᠬᠥᠴᠡᠯ ᠪᠠᠶᠢᠳᠠᠯ ᠠᠴᠠ ᠡᠭᠦᠳᠦᠯᠲᠡᠢ ᠨᠡᠶᠢᠭᠡᠮ᠂ ᠡᠳ᠋  ᠦᠨ ᠵᠠᠰᠠᠭ ᠤᠨ ᠲᠣᠮᠣᠬᠠᠨ ᠰᠣᠷᠢᠯᠲᠠ ᠨᠤᠭᠤᠳ ᠲᠠᠢ ᠲᠤᠯᠭᠠᠷᠠᠵᠤ ᠪᠠᠶᠢᠭ᠎ᠠ ᠥᠨᠥ ᠦᠶ᠎ᠡ ᠳᠦ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠳᠤ ᠥᠨᠳᠥᠷ ᠠᠴᠢ ᠬᠣᠯᠪᠣᠭᠳᠠᠯ ᠥᠭᠴᠦ ᠲᠥᠷᠥ ᠶᠢᠨ ᠠᠶᠢᠯᠴᠢᠯᠠᠯ ᠬᠢᠵᠦ ᠪᠠᠶᠢᠭ᠎ᠠ ᠳᠤ ᠨᠢ ᠠᠨᠳ᠋ᠵᠸᠢ ᠳ᠋ᠤᠳᠠ ᠳᠦ ᠲᠠᠯᠠᠷᠬᠠᠯ ᠢᠯᠡᠷᠬᠡᠶᠢᠯᠡᠪᠡ᠃
ᠬᠣᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠯᠭ᠎ᠠ ᠨᠤᠭᠤᠳ ᠤᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠲᠠᠰᠤᠷᠠᠯᠲᠠ ᠦᠭᠡᠢ᠂ ᠢᠳᠡᠪᠬᠢᠲᠡᠢ ᠬᠥᠭᠵᠢᠵᠦ ᠪᠠᠶᠢᠭ᠎ᠠ ᠶᠢ ᠲᠡᠷᠡ ᠳᠤᠷᠠᠳᠤᠭᠠᠳ ᠴᠢᠨᠠᠭᠰᠢᠳᠠ ᠪᠣᠯᠪᠠᠰᠤᠷᠠᠯ᠂ ᠰᠢᠨᠵᠢᠯᠡᠬᠦ ᠤᠬᠠᠭᠠᠨ᠂ ᠲᠧᠭᠨᠣᠯᠣᠭᠢ ᠵᠡᠷᠭᠡ ᠣᠯᠠᠨ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠰᠢᠨ᠎ᠡ ᠱᠠᠲᠤᠨ ᠳᠤ ᠭᠠᠷᠭᠠᠬᠤ ᠳᠤ ᠮᠣᠩᠭᠣᠯ ᠤᠯᠤᠰ ᠤᠨ ᠶᠡᠬᠡ ᠬᠤᠷᠠᠯ ᠨᠢ ᠪᠦᠭᠦᠳᠡ ᠨᠠᠶᠢᠷᠠᠮᠳᠠᠬᠤ ᠫᠣᠯᠢᠰᠢ ᠤᠯᠤᠰ ᠤᠨ ᠫᠠᠷᠯᠠᠮᠧᠨᠲ ᠤᠨ ᠳᠡᠭᠡᠳᠦ᠂ ᠳᠤᠤᠷᠠᠳᠤ ᠲᠠᠩᠬᠢᠮ ᠲᠠᠢ ᠬᠠᠮᠲᠤᠷᠠᠨ ᠠᠵᠢᠯᠯᠠᠨ᠎ᠠ ᠭᠡᠯ᠎ᠡ᠃
ᠪᠦᠭᠦᠳᠡ ᠨᠠᠶᠢᠷᠠᠮᠳᠠᠬᠤ ᠫᠤᠯᠱᠠ ᠤᠯᠤᠰ ᠤᠨ ᠶᠡᠷᠦᠩᠬᠡᠶᠢᠯᠡᠭᠴᠢ ᠠᠨᠳ᠋ᠵᠸᠢ ᠳ᠋ᠤᠳᠠ ᠫᠤᠯᠱᠠ᠂ ᠮᠣᠩᠭᠣᠯ ᠤᠨ ᠬᠠᠷᠢᠯᠴᠠᠭ᠎ᠠ ᠨᠢ ᠠᠷᠠᠳᠴᠢᠯᠠᠯ᠂ ᠬᠦᠮᠦᠨ ᠦ ᠡᠷᠬᠡ᠂ ᠡᠷᠬᠡ ᠴᠢᠯᠦᠭᠡ ᠶᠢ ᠡᠷᠬᠢᠮᠯᠡᠭᠰᠡᠨ ᠨᠡᠶᠢᠲᠡᠯᠢᠭ ᠦᠨᠡᠲᠦ ᠵᠦᠢᠯᠡᠰ ᠲᠦ ᠲᠤᠯᠭᠠᠭᠤᠷᠢᠯᠠᠨ ᠬᠥᠭᠵᠢᠵᠦ᠂ ᠤᠯᠤᠰ ᠲᠥᠷᠦ᠂ ᠡᠳ᠋  ᠦᠨ ᠵᠠᠰᠠᠭ᠂ ᠬᠤᠳᠠᠯᠳᠤᠭ᠎ᠠ᠂ ᠳᠡᠳ᠋ ᠪᠦᠲᠦᠴᠡ᠂ ᠰᠣᠶᠣᠯ ᠪᠣᠯᠪᠠᠰᠤᠷᠠᠯ ᠵᠡᠷᠭᠡ ᠰᠠᠯᠪᠤᠷᠢ ᠳᠤ ᠥᠷᠭᠡᠵᠢᠨ ᠪᠡᠬᠢᠵᠢᠵᠦ ᠪᠤᠢ ᠶᠢ ᠣᠨᠴᠠᠯᠠᠭᠠᠳ ᠡᠨᠡ ᠤᠳᠠᠭ᠎ᠠ ᠶᠢᠨ ᠲᠥᠷᠦ ᠶᠢᠨ ᠠᠶᠢᠯᠴᠢᠯᠠᠯ ᠫᠤᠯᠱᠠ ᠮᠣᠩᠭᠣᠯ ᠤᠨ ᠬᠠᠷᠢᠯᠴᠠᠭ᠎ᠠ ᠶᠢ ᠡᠷᠴᠢᠮᠵᠢᠭᠦᠯᠬᠦ ᠳᠦ ᠬᠤᠪᠢ ᠨᠡᠮᠡᠷᠢ ᠪᠡᠨ ᠣᠷᠣᠭᠤᠯᠤᠨ᠎ᠠ ᠭᠡᠳᠡᠭ ᠲᠦ ᠨᠠᠶᠢᠳᠠᠵᠤ ᠪᠠᠶᠢᠭ᠎ᠠ ᠪᠠᠨ ᠢᠯᠡᠷᠬᠡᠶᠢᠯᠡᠯ᠎ᠡ᠃
ᠲᠡᠷᠡᠪᠡᠷ᠂ ᠮᠣᠩᠭᠣᠯ ᠤᠯᠤᠰ ᠨᠢ ᠠᠰᠤᠷᠤ ᠶᠡᠬᠡ ᠨᠥᠭᠡᠴᠡ ᠪᠣᠯᠤᠯᠴᠠᠭ᠎ᠠ ᠲᠠᠢ ᠣᠷᠣᠨ ᠭᠡᠳᠡᠭ ᠢ ᠴᠣᠬᠣᠨ ᠲᠡᠮᠳᠡᠭᠯᠡᠭᠡᠳ᠂ ᠬᠠᠷᠢᠯᠴᠠᠨ ᠠᠰᠢᠭᠲᠠᠢ ᠬᠠᠮᠲᠤ ᠶᠢᠨ ᠠᠵᠢᠯᠯᠠᠭ᠎ᠠ ᠶᠢ ᠬᠥᠭᠵᠢᠭᠦᠯᠵᠦ᠂ ᠪᠦᠰᠡ ᠨᠤᠲᠤᠭ ᠪᠣᠯᠤᠨ ᠣᠯᠠᠨ ᠤᠯᠤᠰ ᠤᠨ ᠲᠠᠪᠴᠠᠩ ᠳᠤ ᠬᠠᠮᠲᠤ ᠶᠢᠨ ᠠᠵᠢᠯᠯᠠᠭ᠎ᠠ ᠪᠠᠨ ᠭᠦᠨᠵᠡᠭᠡᠶᠢᠷᠡᠭᠦᠯᠬᠦ ᠶᠢᠨ ᠲᠥᠯᠦᠭᠡ ᠠᠵᠢᠯᠯᠠᠨ᠎ᠠ ᠭᠡᠪᠡ᠃ ᠬᠣᠶᠠᠷ ᠤᠯᠤᠰ ᠤᠨ ᠫᠠᠷᠯᠠᠮᠧᠨᠲ᠂ ᠵᠠᠰᠠᠭ ᠤᠨ ᠭᠠᠵᠠᠷ᠂ ᠲᠥᠷᠥ ᠶᠢᠨ ᠪᠠᠶᠢᠭᠤᠯᠤᠯᠭ᠎ᠠ ᠨᠤᠭᠤᠳ᠂ ᠢᠷᠭᠡᠳ᠂ ᠪᠢᠽᠢᠨᠧᠰ ᠡᠷᠬᠢᠯᠡᠭᠴᠢ᠂ ᠪᠠᠶᠠᠯᠢᠭ ᠪᠦᠲᠦᠭᠡᠭᠴᠢᠳ ᠬᠣᠭᠣᠷᠣᠨᠳᠣ ᠶᠢᠨ ᠬᠠᠷᠢᠯᠴᠠᠭ᠎ᠠ ᠶᠢ ᠤᠯᠠᠮ ᠢᠳᠡᠪᠬᠢᠵᠢᠭᠦᠯᠵᠦ᠂ ᠡᠯᠴᠢᠨ ᠰᠠᠶᠢᠳ ᠤᠨ ᠶᠠᠮᠤᠨ ᠳᠤ ᠪᠠᠨ ᠢᠷᠡᠬᠦ ᠣᠨ ᠠᠴᠠ ᠺᠤᠨᠰᠦ᠋ᠯ ᠤᠨ ᠬᠡᠯᠲᠡᠰ ᠠᠵᠢᠯᠯᠠᠭᠤᠯᠬᠤ ᠪᠠᠷ ᠪᠣᠯᠤᠭᠰᠠᠨ ᠢ  ᠳᠤᠭᠤᠯᠭᠠᠪᠠ᠃

ᠰᠡᠳᠬᠢᠭᠳᠡᠯ ᠦᠯᠡᠳᠡᠭᠡᠬᠦ