ᠤᠯᠤᠰ ᠤᠨ ᠶᠡᠬᠡ ᠬᠤᠷᠠᠯ ᠤᠨ ᠳᠠᠷᠤᠭ᠎ᠠ ᠰᠢᠲᠠᠷᠠᠴᠢᠨ ᠳ ∙ ᠮᠥᠩᠬᠡᠵᠤᠯᠠ ᠲᠠᠢ ᠠᠭᠤᠯᠵᠠᠯ᠎ᠠ | News.MN

ᠤᠯᠤᠰ ᠤᠨ ᠶᠡᠬᠡ ᠬᠤᠷᠠᠯ ᠤᠨ ᠳᠠᠷᠤᠭ᠎ᠠ ᠰᠢᠲᠠᠷᠠᠴᠢᠨ ᠳ ∙ ᠮᠥᠩᠬᠡᠵᠤᠯᠠ ᠲᠠᠢ ᠠᠭᠤᠯᠵᠠᠯ᠎ᠠ

ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ 04 ᠰᠠᠷ᠎ᠠ ᠶᠢᠨ 26 ᠳᠦ《ᠠᠽᠢᠶ᠎ᠠ ᠲᠢᠪ ᠦᠨ ᠣᠨ ᠤ ᠰᠢᠯᠢᠳᠡᠭ ᠥᠰᠪᠦᠷᠢ ᠶᠢᠨ ᠷᠠᠫᠢᠳ᠋ ᠰᠢᠲᠠᠷᠠᠴᠢᠨ》 ᠢᠶᠠᠷ ᠰᠢᠯᠭᠠᠷᠠᠭᠰᠠᠨ ᠳᠡᠯᠡᠬᠡᠢ ᠶᠢᠨ ᠬᠣᠱᠣᠢ ᠠᠪᠤᠷᠭᠤ᠂ ᠣᠯᠠᠨ ᠤᠯᠤᠰ ᠤᠨ ᠰᠢᠲᠠᠷ᠎ᠠ ᠶᠢᠨ ᠬᠣᠯᠪᠣᠭᠠᠨ ᠤ ᠮᠠᠰᠲ᠋ᠸᠷ ᠳ ∙ ᠮᠥᠩᠬᠡᠵᠤᠯᠠ ᠶᠢ ᠬᠦᠯᠢᠶᠡᠨ ᠠᠪᠴᠤ ᠠᠭᠤᠯᠵᠠᠵᠤ᠂ ᠪᠠᠶᠠᠷ ᠬᠦᠷᠭᠡᠪᠡ᠃
ᠲᠡᠷᠡ ᠬᠡᠯᠡᠭᠰᠡᠨ ᠦᠭᠡᠨ ᠳᠦ ᠪᠡᠨ᠄ ᠭᠷᠧᠺ ᠤᠯᠤᠰ ᠲᠤ ᠵᠣᠬᠢᠶᠠᠨ ᠪᠠᠶᠢᠭᠤᠯᠤᠭᠳᠠᠭᠰᠠᠨ ᠰᠤᠷᠤᠭᠴᠢᠳ ᠤᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠰᠢᠲᠠᠷ᠎ᠠ ᠶᠢᠨ ᠲᠡᠮᠡᠴᠡᠭᠡᠨ ᠡᠴᠡ ᠮᠣᠩᠭᠣᠯ ᠤᠨ ᠪᠠᠭ ᠬᠣᠶᠠᠷ ᠠᠯᠲᠠ᠂ ᠭᠤᠷᠪᠠᠨ ᠮᠥᠩᠭᠥ᠂ ᠨᠢᠭᠡ ᠬᠦᠷᠡᠯ ᠮᠧᠳᠠᠯ ᠬᠦᠷᠲᠡᠵᠦ᠂  ᠪᠠᠭ ᠢᠶᠠᠷ ᠢᠶᠠᠨ ᠭᠤᠷᠪᠠᠳᠤᠭᠠᠷ ᠪᠠᠶᠢᠷᠢ ᠳᠤ ᠰᠢᠯᠭᠠᠷᠠᠭᠰᠠᠨ ᠲᠣᠮᠣ ᠠᠮᠵᠢᠯᠲᠠ ᠭᠠᠷᠭᠠᠯ᠎ᠠ᠃ ᠳᠡᠯᠡᠬᠡᠢ ᠶᠢᠨ ᠣᠶᠤᠨ ᠤ ᠶᠡᠬᠡ ᠨᠠᠭᠠᠳᠤᠮ ᠳᠤ ᠳᠡᠯᠡᠬᠡᠢ ᠶᠢᠨ ᠰᠢᠯᠢᠳᠡᠭ ᠦᠳ ᠲᠡᠢ ᠥᠷᠢᠰᠦᠯᠳᠦᠵᠦ᠂ ᠮᠣᠩᠭᠣᠯᠴᠤᠳ ᠳᠡᠯᠡᠬᠡᠢ ᠳᠦ ᠦᠨᠡᠯᠡᠭᠳᠡᠵᠦ ᠪᠠᠶᠢᠭ᠎ᠠ ᠶᠢ ᠨᠣᠲᠠᠯᠠᠨ ᠬᠠᠷᠠᠭᠤᠯᠤᠭᠰᠠᠨ ᠪᠠᠭ ᠲᠠᠮᠢᠷᠴᠢᠳ ᠲᠤ ᠪᠣᠯᠤᠨ ᠮᠣᠩᠭᠣᠯ ᠤᠨ ᠰᠢᠲᠠᠷ᠎ᠠ ᠶᠢᠨ ᠬᠣᠯᠪᠣᠭᠠᠨ ᠤ ᠤᠳᠤᠷᠢᠳᠤᠯᠭ᠎ᠠ ᠨᠠᠷ ᠲᠤ ᠪᠠᠶᠠᠷ ᠬᠦᠷᠭᠡᠶ᠎ᠡ᠃ ᠭᠤᠷᠪᠠᠨ ᠰᠠᠶ᠎ᠠ ᠬᠦᠮᠦᠨ ᠠᠮᠠ ᠲᠠᠢ ᠮᠣᠩᠭᠣᠯ ᠤᠯᠤᠰ ᠤᠨ ᠢᠷᠡᠭᠡᠳᠦᠢ ᠪᠣᠯᠤᠭᠰᠠᠨ ᠬᠡᠦᠬᠡᠳ᠂ ᠵᠠᠯᠠᠭᠤᠰ ᠣᠶᠤᠨ ᠤ ᠰᠫᠣᠷᠲ  ᠲᠤ ᠴᠠᠬᠢᠭᠤᠷ ᠬᠠᠭᠠᠯᠵᠤ᠂ ᠮᠠᠨ ᠤ ᠤᠯᠤᠰ ᠤᠨ ᠪᠠᠭ ᠳᠡᠯᠡᠬᠡᠢ ᠶᠢᠨ ᠰᠢᠯᠢᠳᠡᠭ ᠲᠠᠪᠤᠨ ᠪᠠᠭ ᠤᠨ ᠨᠢᠭᠡ ᠪᠡᠷ ᠰᠢᠯᠭᠠᠷᠠᠭᠰᠠᠨ ᠨᠢ ᠪᠠᠬᠠᠷᠬᠠᠯᠲᠠᠢ ᠪᠠᠶᠢᠨ᠎ᠠ》ᠭᠡᠪᠡ᠃

 

ᠰᠡᠳᠬᠢᠭᠳᠡᠯ ᠦᠯᠡᠳᠡᠭᠡᠬᠦ