ᠶᠡᠷᠦᠩᠬᠡᠶᠢᠯᠡᠭᠴᠢ ᠶᠢᠨ ᠰᠠᠨᠠᠭᠠᠴᠢᠯᠠᠭ᠎ᠠ ᠪᠠᠷ ᠬᠡᠷᠡᠭᠵᠢᠵᠦ ᠪᠤᠢ《ᠡᠷᠡᠭᠦᠯ ᠮᠣᠩᠭᠣᠯ ᠬᠦᠮᠦᠨ》ᠦᠨᠳᠦᠰᠦᠨ ᠦ ᠬᠥᠳᠡᠯᠭᠡᠭᠡᠨ ᠦ ᠦᠵᠡᠯ ᠪᠠᠷᠢᠮᠲᠠᠯᠠᠯ᠂ ᠬᠠᠮᠤᠷᠬᠤ ᠬᠦᠷᠢᠶ᠎ᠡ᠂ ᠬᠡᠷᠡᠭᠵᠢᠭᠦᠯᠬᠦ ᠦᠢᠯᠡ ᠠᠵᠢᠯᠯᠠᠭ᠎ᠠ ᠶᠢ ᠦᠨᠳᠦᠰᠦᠨ ᠦ ᠲᠦᠪᠰᠢᠨ ᠳᠦ ᠲᠠᠨᠢᠯᠴᠠᠭᠤᠯᠤᠨ ᠬᠡᠯᠡᠯᠴᠡᠭᠦᠯᠵᠦ᠂ ᠡᠷᠴᠢᠮᠵᠢᠭᠦᠯᠬᠦ ᠵᠣᠷᠢᠯᠭ᠎ᠠ ᠪᠠᠷ 《ᠡᠷᠡᠭᠦᠯ ᠮᠣᠩᠭᠣᠯ ᠬᠦᠮᠦᠨ》ᠦᠨᠳᠦᠰᠦᠨ ᠦ ᠴᠢᠭᠤᠯᠭᠠᠨ 04 ᠰᠠᠷ᠎ᠠ ᠶᠢᠨ 28 ᠳᠦ ᠲᠥᠷᠥ ᠶᠢᠨ ᠣᠷᠳᠣᠨ ᠳᠤ ᠪᠣᠯᠤᠨ᠎ᠠ᠃
ᠦᠨᠳᠦᠰᠦᠨ ᠦ ᠴᠢᠭᠤᠯᠭᠠᠨ ᠢᠶᠠᠷ᠄《ᠡᠷᠡᠭᠦᠯ ᠮᠣᠩᠭᠣᠯ ᠬᠦᠮᠦᠨ》ᠦᠨᠳᠦᠰᠦᠨ ᠦ ᠬᠥᠳᠡᠯᠭᠡᠭᠡᠨ ᠦ ᠬᠠᠮᠤᠷᠬᠤ ᠬᠦᠷᠢᠶ᠎ᠡ᠂ ᠬᠡᠷᠡᠭᠵᠢᠭᠦᠯᠬᠦ ᠠᠷᠭ᠎ᠠ ᠵᠠᠮ᠂《ᠡᠷᠡᠭᠦᠯ ᠬᠡᠦᠬᠡᠳ ᠵᠠᠯᠠᠭᠤᠰ ᠪᠠ ᠡᠷᠡᠭᠦᠯ ᠮᠡᠨᠳᠦ ᠶᠢᠨ ᠪᠣᠯᠪᠠᠰᠤᠷᠠᠯ》᠂《ᠠᠷᠢᠬᠢᠳᠠᠨ ᠰᠣᠭᠲᠣᠭᠤᠷᠠᠬᠤ ᠠᠴᠠ ᠡᠭᠦᠳᠦᠯᠲᠡᠢ ᠨᠡᠶᠢᠭᠡᠮ ᠤᠨ ᠬᠣᠣᠷ ᠤᠷᠰᠢᠭ᠂ ᠲᠡᠭᠦᠨ ᠢ ᠪᠠᠭᠤᠷᠠᠭᠤᠯᠬᠤ ᠰᠢᠨ᠎ᠡ ᠬᠠᠨᠳᠤᠯᠭ᠎ᠠ》᠂《ᠡᠷᠡᠭᠦᠯ ᠵᠥᠪ ᠬᠣᠭᠣᠯᠠᠯᠠᠯᠲᠠ》᠂《ᠢᠷᠭᠡᠳ ᠦᠨ ᠢᠳᠡᠪᠬᠢᠲᠡᠢ ᠬᠥᠳᠡᠯᠭᠡᠭᠡᠨ᠂ ᠨᠡᠶᠢᠲᠡ ᠶᠢᠨ ᠪᠡᠶ᠎ᠡ ᠶᠢᠨ ᠲᠠᠮᠢᠷ ᠤᠨ ᠨᠥᠬᠥᠴᠡᠯ ᠪᠠᠶᠢᠳᠠᠯ ᠴᠠᠭᠠᠰᠢᠳᠠ ᠶᠢᠨ ᠴᠢᠭ ᠬᠠᠨᠳᠤᠯᠭ᠎ᠠ》᠂《ᠡᠷᠡᠭᠦᠯ ᠮᠣᠩᠭᠣᠯ ᠬᠦᠮᠦᠨ》ᠦᠨᠳᠦᠰᠦᠨ ᠦ ᠬᠥᠳᠡᠯᠭᠡᠭᠡᠨ ᠦ ᠰᠢᠯᠭᠠᠭᠤᠷ ᠦᠵᠡᠭᠦᠯᠦᠯᠲᠡ ᠪᠠ ᠬᠠᠯᠳᠠᠪᠤᠷᠢᠲᠤ ᠪᠤᠰᠤ ᠡᠪᠡᠳᠴᠢᠨ ᠦ ᠡᠷᠡᠰᠳᠡᠯᠲᠦ ᠬᠦᠴᠦᠨ ᠵᠦᠢᠯᠡᠰ ᠦᠨ ᠲᠠᠷᠬᠠᠯᠲᠠ ᠵᠡᠷᠭᠡ ᠰᠡᠳᠦᠪ ᠢᠶᠡᠷ ᠢᠯᠡᠳᠬᠡᠯ ᠲᠠᠯᠪᠢᠵᠤ᠂ ᠬᠡᠯᠡᠯᠴᠡᠭᠦᠯᠭᠡ ᠥᠷᠨᠢᠭᠦᠯᠦᠨ᠎ᠡ᠃