ᠬᠠᠩᠭᠠᠷᠢ ᠶᠢᠨ ᠦᠨᠳᠦᠰᠦᠨ ᠦ ᠠᠰᠰᠠᠮᠪᠯᠧᠢ ᠶᠢᠨ ᠳᠠᠷᠤᠭ᠎ᠠ ᠺᠦᠧᠧᠷ ᠯᠠᠰᠯᠤ᠋ ᠬᠦᠷᠦᠯᠴᠡᠨ ᠢᠷᠡᠯ᠎ᠡ | News.MN

ᠬᠠᠩᠭᠠᠷᠢ ᠶᠢᠨ ᠦᠨᠳᠦᠰᠦᠨ ᠦ ᠠᠰᠰᠠᠮᠪᠯᠧᠢ ᠶᠢᠨ ᠳᠠᠷᠤᠭ᠎ᠠ ᠺᠦᠧᠧᠷ ᠯᠠᠰᠯᠤ᠋ ᠬᠦᠷᠦᠯᠴᠡᠨ ᠢᠷᠡᠯ᠎ᠡ

ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠶᠢᠨ ᠤᠷᠢᠯᠭ᠎ᠠ ᠪᠠᠷ ᠬᠠᠩᠭᠠᠷᠢ ᠤᠯᠤᠰ ᠤᠨ ᠦᠨᠳᠦᠰᠦᠨ ᠦ ᠠᠰᠰᠠᠮᠪᠯᠧᠢ ᠶᠢᠨ ᠳᠠᠷᠤᠭ᠎ᠠ ᠺᠦᠧᠧᠷ ᠯᠠᠰᠯᠤ᠋ ᠲᠡᠷᠢᠭᠦᠲᠡᠢ ᠲᠥᠯᠥᠭᠡᠯᠡᠭᠴᠢᠳ ᠮᠣᠩᠭᠣᠯ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠬᠦ ᠪᠡᠷ ᠤᠯᠠᠭᠠᠨᠪᠠᠭᠠᠲᠤᠷ ᠬᠤᠲᠠᠨ᠎ᠠ ᠬᠦᠷᠦᠯᠴᠡᠨ ᠢᠷᠡᠯ᠎ᠡ᠃ ᠲᠡᠭᠦᠨ ᠢ ᠤᠯᠤᠰ ᠤᠨ ᠶᠡᠬᠡ ᠬᠤᠷᠠᠯ ᠤᠨ ᠳᠡᠳ᠋ ᠳᠠᠷᠤᠭ᠎ᠠ ᠰ ∙ ᠣᠳᠣᠨᠲᠤᠶᠠᠭ᠎ᠠ᠂ ᠤᠯᠤᠰ ᠤᠨ ᠶᠡᠬᠡ ᠬᠤᠷᠠᠯ ᠳ᠋ᠠᠬᠢ ᠮᠣᠩᠭᠣᠯ ᠬᠠᠩᠭᠠᠷᠢ ᠶᠢᠨ ᠫᠠᠷᠯᠠᠮᠧᠨᠲ ᠤᠨ ᠪᠦᠯᠦᠭ ᠦᠨ ᠳᠠᠷᠤᠭ᠎ᠠ ᠨ∙ᠭᠠᠨᠢᠪᠠᠯ᠂ ᠬᠠᠩᠭᠠᠷᠢ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ  ᠪᠤᠷᠪᠠᠯᠠ  ᠤᠪᠷᠤᠱᠠᠨᠰᠺᠢ ᠵᠡᠷᠭᠡ  ᠬᠦᠮᠦᠰ ᠤᠭᠲᠤᠨ ᠠᠪᠤᠯ᠎ᠠ᠃
ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ ᠬᠦᠨᠳᠦᠲᠦ ᠵᠣᠴᠢᠨ ᠢ ᠳ ∙ ᠰᠦᠬᠡᠪᠠᠭᠠᠲᠤᠷ ᠤᠨ ᠲᠠᠯᠠᠪᠠᠢ ᠳᠤ ᠤᠭᠲᠤᠨ ᠠᠪᠤᠭᠰᠠᠨ ᠢᠶᠠᠷ ᠠᠯᠪᠠᠨ ᠶᠣᠰᠣᠨ ᠤ ᠠᠷᠭ᠎ᠠ ᠬᠡᠮᠵᠢᠶ᠎ᠡ ᠡᠬᠢᠯᠡᠬᠦ ᠪᠠ ᠭ∙ᠽᠠᠨᠳᠠᠨᠰᠢᠲᠠᠷ᠎ᠠ᠂ ᠺᠦᠧᠧᠷ ᠯᠠᠰᠯᠤ᠋ ᠨᠠᠷ ᠠᠯᠪᠠᠨ ᠶᠣᠰᠣᠨ ᠤ ᠬᠡᠯᠡᠯᠴᠡᠭᠡ ᠬᠢᠵᠦ᠂ ᠬᠣᠶᠠᠷ ᠲᠠᠯ᠎ᠠ ᠶᠢᠨ ᠬᠠᠷᠢᠯᠴᠠᠭ᠎ᠠ᠂ ᠫᠠᠷᠯᠠᠮᠧᠨᠲ ᠬᠣᠭᠣᠷᠣᠨᠳᠣ ᠶᠢᠨ ᠬᠠᠮᠲᠤ ᠶᠢᠨ ᠠᠵᠢᠯᠯᠠᠭᠠᠨ ᠤ ᠠᠰᠠᠭᠤᠳᠠᠯ ᠢᠶᠠᠷ ᠰᠠᠨᠠᠯ ᠰᠣᠯᠢᠯᠴᠠᠨ᠎ᠠ᠃  ᠮᠦᠨ ᠶᠡᠷᠦᠩᠬᠡᠢ ᠰᠠᠶᠢᠳ ᠯ ∙ ᠤᠶᠤᠡᠡᠷᠳᠡᠨᠢ ᠺᠦᠧᠧᠷ ᠯᠠᠰᠯᠤ᠋  ᠳᠤ ᠪᠠᠷᠠᠭᠠᠯᠬᠠᠨ᠎ᠠ᠃

ᠰᠡᠳᠬᠢᠭᠳᠡᠯ ᠦᠯᠡᠳᠡᠭᠡᠬᠦ