ᠤ᠊ ∙ ᠬᠦᠷᠡᠯᠰᠦ᠋ᠬᠡ ᠭᠤᠷᠪᠠᠳᠤᠭᠠᠷ ᠴᠠᠷᠯᠢᠽ ᠢ ᠬᠠᠭᠠᠨ ᠰᠢᠷᠡᠭᠡᠨ ᠳᠦ ᠵᠠᠯᠠᠬᠤ ᠶᠣᠰᠣᠯᠠᠯ ᠳᠤ ᠣᠷᠣᠯᠴᠠᠯ᠎ᠠ | News.MN

ᠤ᠊ ∙ ᠬᠦᠷᠡᠯᠰᠦ᠋ᠬᠡ ᠭᠤᠷᠪᠠᠳᠤᠭᠠᠷ ᠴᠠᠷᠯᠢᠽ ᠢ ᠬᠠᠭᠠᠨ ᠰᠢᠷᠡᠭᠡᠨ ᠳᠦ ᠵᠠᠯᠠᠬᠤ ᠶᠣᠰᠣᠯᠠᠯ ᠳᠤ ᠣᠷᠣᠯᠴᠠᠯ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠭᠡᠷᠭᠡᠢ ᠯᠤᠪᠰᠠᠩᠳᠣᠷᠵᠢ ᠶᠢᠨ ᠪᠣᠯᠣᠷᠴᠡᠴᠡᠭ ᠦᠨ ᠬᠠᠮᠲᠤ ᠯᠣᠨᠳᠣᠨ ᠬᠣᠲᠠ ᠶᠢᠨ ᠸᠸᠰᠲᠮᠢᠨᠰᠲ᠋ᠧᠷ ᠰᠦᠮ᠎ᠡ ᠳᠦ ᠶᠡᠬᠡ ᠪᠷᠢᠲ᠋ᠠᠨ ᠤ ᠤᠮᠠᠷᠠᠳᠤ ᠠᠢᠷᠯᠠᠨᠳ᠋ ᠤᠨ ᠨᠢᠭᠡᠳᠦᠭᠰᠡᠨ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠭᠤᠷᠪᠠᠳᠤᠭᠠᠷ ᠴᠠᠷᠯᠢᠽ ᠢ ᠬᠠᠭᠠᠨ ᠰᠡᠨᠲᠡᠢ ᠳᠦ ᠵᠠᠯᠠᠬᠤ ᠲᠥᠷᠥ ᠶᠢᠨ ᠶᠣᠰᠣᠯᠠᠯ ᠳᠤ ᠤᠷᠤᠯᠴᠠᠪᠠ᠃
ᠮᠣᠩᠭᠣᠯ ᠤᠯᠤᠰ ᠤᠨ ᠲᠥᠷᠥ ᠶᠢᠨ ᠲᠡᠷᠢᠭᠦᠨ ᠡᠢᠮᠦᠷᠬᠦᠦ ᠲᠥᠷᠥ ᠶᠢᠨ ᠶᠣᠰᠣᠯᠠᠯ ᠳᠤ ᠠᠩᠬ᠎ᠠ ᠤᠳᠠᠭ᠎ᠠ ᠣᠷᠣᠯᠴᠠᠵᠤ ᠪᠠᠶᠢᠭ᠎ᠠ ᠶᠤᠮ᠃ ᠶᠣᠰᠣᠯᠠᠯ ᠳᠤ ᠬᠠᠭᠠᠨ ᠤ ᠭᠡᠷ ᠪᠦᠯᠢ᠂ ᠭᠠᠳᠠᠭᠠᠳᠤ ᠶᠢᠨ ᠤᠯᠤᠰ ᠣᠷᠣᠨ ᠤ ᠲᠥᠷᠥ᠂ ᠵᠠᠰᠠᠭ ᠤᠨ ᠲᠡᠷᠢᠭᠦᠨ ᠵᠡᠷᠭᠡ 2000 ᠣᠷᠴᠢᠮ ᠳᠡᠭᠡᠳᠦ᠂ ᠥᠨᠳᠥᠷ ᠬᠡᠮᠵᠢᠶᠡᠨ ᠦ ᠵᠣᠴᠢᠳ ᠤᠷᠤᠯᠴᠠᠪᠠ᠃
ᠮᠣᠩᠭᠣᠯ ᠤᠯᠤᠰ ᠪᠷᠢᠲ᠋ᠠᠨ ᠤᠯᠤᠰ ᠲᠠᠢ ᠨᠠᠶᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠲᠠᠢ ᠪᠥᠭᠡᠳ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 60 ᠵᠢᠯ ᠦᠨ ᠣᠢ ᠡᠨᠡ ᠣᠨ ᠳᠤ ᠲᠣᠬᠢᠶᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ