ᠰᠠᠩ ᠤᠨ ᠰᠠᠶᠢᠳ ᠪ∙ᠵᠢᠪᠬᠤᠯᠠᠩ ᠰᠠᠶᠢᠨ ᠮᠡᠳᠡᠭᠡ ᠳᠤᠭᠤᠯᠭᠠᠭᠰᠠᠨ ᠨᠢ 2017 ᠣᠨ ᠳᠤ ᠭᠠᠷᠭᠠᠭᠰᠠᠨ 800 ᠰᠠᠶ᠎ᠠ ᠳ᠋ᠣᠯᠯᠠᠷ ᠤᠨ《 ᠭᠡᠷᠡᠭᠡ》 ᠪᠤᠨᠳ᠋ ᠤᠨ ᠦᠯᠡᠳᠡᠭᠳᠡᠯ 387 ᠰᠠᠶ᠎ᠠ ᠳ᠋ᠣᠯᠯᠠᠷ ᠢ ᠮᠣᠩᠭᠣᠯ ᠤᠯᠤᠰ ᠤᠨ ᠵᠠᠰᠠᠭ ᠤᠨ ᠭᠠᠵᠠᠷ ᠪᠦᠷᠢᠨ ᠪᠠᠷᠠᠭᠳᠠᠭᠤᠯᠵᠤ ᠳᠠᠭᠤᠰᠤᠭᠰᠠᠨ ᠲᠤᠬᠠᠢ ᠪᠠᠢᠪᠠ᠃ ᠢᠩᠭᠢᠭᠡᠳ ᠵᠠᠰᠠᠭ ᠤᠨ ᠭᠠᠵᠠᠷ ᠤᠨ ᠨᠡᠶᠢᠲᠡ ᠥᠷᠢ ᠨᠠᠢ᠌ᠮᠠᠨ ᠲᠡᠷᠪᠤᠮ ᠳ᠋ᠣᠯᠯᠠᠷ ᠪᠣᠯᠵᠤ ᠪᠠᠭᠤᠷᠠᠭᠰᠠᠨ ᠶᠤᠮ᠃
ᠪᠤᠨᠳ᠋ ᠤᠨ ᠦᠷᠢ ᠶᠢ ᠥᠩᠭᠡᠷᠡᠭᠰᠡᠨ ᠬᠣᠶᠠᠷ ᠵᠢᠯ ᠳᠦ ᠲᠥᠰᠥᠪ ᠡᠴᠡ ᠲᠦᠯᠦᠬᠦ᠂ ᠲᠦᠯᠦᠬᠦ ᠪᠣᠯᠤᠮᠵᠢ ᠦᠭᠡᠢ ᠶᠢ ᠨᠢ ᠳᠠᠬᠢᠨ ᠰᠠᠩᠬᠦᠦᠵᠢᠯᠲᠡ ᠲᠠᠲᠠᠬᠤ ᠵᠠᠮ ᠢᠶᠠᠷ ᠰᠢᠢᠳᠪᠦᠷᠢᠯᠡᠵᠦ ᠢᠷᠡᠭᠰᠡᠨ ᠪᠠᠶᠢᠨ᠎ᠠ᠃ ᠲᠤᠬᠠᠶᠢᠯᠠᠪᠠᠯ᠂ 《ᠺᠷᠧᠳᠢᠲ ᠰᠧᠷᠠᠸᠢᠰ》 ᠪᠠᠩᠬᠢ ᠲᠠᠢ ᠬᠢᠭᠰᠡᠨ ᠠᠷᠠᠯᠵᠢᠶᠠᠨ ᠤ ᠵᠢᠭᠡᠯᠡ 60 ᠰᠠᠶ᠎ᠠ ᠳ᠋ᠣᠯᠯᠠᠷ᠂ 《ᠮᠠᠵᠠᠭᠠᠯᠠᠢ》ᠪᠤᠨᠳ᠋ ᠤᠨ ᠦᠯᠡᠳᠡᠭᠳᠡᠯ 132.6 ᠰᠠᠶ᠎ᠠ ᠳ᠋ᠣᠯᠯᠠᠷ᠂ 《ᠴᠢᠩᠭᠢᠰ》 ᠪᠤᠨᠳ᠋ ᠤᠨ 136.8 ᠰᠠᠶ᠎ᠠ ᠳ᠋ᠣᠯᠯᠠᠷ ᠤᠨ ᠥᠷᠢ ᠶᠢ ᠲᠥᠯᠦᠵᠦ ᠳᠠᠭᠤᠰᠬᠠᠭᠰᠠᠨ ᠪᠠᠶᠢᠨ᠎ᠠ᠃