ᠨᠡᠶᠢᠰᠯᠡᠯ ᠦᠨ ᠵᠠᠰᠠᠭ ᠳᠠᠷᠤᠭ᠎ᠠ ᠶᠢᠨ ᠵᠠᠬᠢᠷᠤᠮᠵᠢ ᠪᠠᠷ 《ᠤᠯᠠᠭᠠᠨᠪᠠᠭᠠᠲᠤᠷ ᠮᠠᠷᠠᠹᠣᠨ-2023》 ᠣᠯᠠᠨ ᠤᠯᠤᠰ ᠤᠨ ᠭᠦᠶᠦᠯᠲᠡ ᠶᠢ ᠡᠨᠡ ᠰᠠᠷ᠎ᠠ ᠶᠢᠨ 27 ᠍ ᠤ ᠡᠳᠦᠷ ᠳ᠂ ᠰᠦᠬᠡᠪᠠᠭᠠᠲᠤᠷ ᠤᠨ ᠲᠠᠯᠠᠪᠠᠢ ᠳᠤ ᠵᠣᠬᠢᠶᠠᠨ ᠪᠠᠶᠢᠭᠤᠯᠬᠤ ᠪᠠᠷ ᠰᠢᠢᠳᠪᠦᠷᠢᠯᠡᠭᠡᠳ ᠪᠠᠶᠢᠭᠰᠠᠨ ᠪᠤᠯᠪᠠᠴᠤ ᠡᠨᠡ ᠤᠷᠤᠯᠳᠤᠭᠠᠨ ᠢ ᠵᠢᠷᠭᠤᠳᠤᠭᠠᠷ ᠰᠠᠷ᠎ᠠ ᠶᠢᠨ 3 ᠍ ᠤ ᠡᠳᠦᠷ ᠪᠣᠯᠭᠠᠨ ᠬᠤᠢᠰᠢᠯᠠᠭᠤᠯᠵᠠᠢ᠃
ᠨᠡᠶᠢᠰᠯᠡᠯ ᠬᠤᠲᠠ ᠳᠤ ᠲᠠᠪᠤᠳᠠᠬᠢ ᠤᠳᠠᠭ᠎ᠠ ᠪᠠᠨ ᠵᠣᠬᠢᠶᠠᠨ ᠪᠠᠢᠭᠤᠯᠤᠭᠳᠠᠬᠤ ᠭᠡᠵᠦ ᠪᠤᠢ《ᠤᠯᠠᠭᠠᠨᠪᠠᠭᠠᠲᠤᠷ ᠮᠠᠷᠠᠹᠣᠨ-2023》 ᠣᠯᠠᠨ ᠤᠯᠤᠰ ᠤᠨ ᠭᠦᠶᠦᠯᠲᠡ ᠶᠢᠨ ᠤᠨᠯᠠᠢᠨ ᠪᠦᠷᠢᠳᠬᠡᠯ᠂ ᠬᠤᠷᠢᠶᠠᠮᠵᠢ ᠶᠢ ᠡᠨᠡ ᠣᠨ ᠤ ᠲᠠᠪᠤᠳᠤᠭᠠᠷ ᠰᠠᠷ᠎ᠠ ᠶᠢᠨ 10 ᠍ ᠠᠴᠠ 30 ᠍ ᠤ ᠡᠳᠦᠷ ᠦᠨ 17᠄00 ᠴᠠᠭ ᠬᠦᠷᠲᠡᠯ᠎ᠡ http᠄//ubmarathon.hipay.mn ᠴᠠᠬᠢᠮ ᠬᠠᠭᠤᠳᠠᠰᠤ᠂ hipay APP ᠢᠶᠠᠷ ᠶᠠᠪᠤᠭᠤᠯᠵᠤ ᠪᠠᠶᠢᠭ᠎ᠠ ᠶᠤᠮ᠃
《ᠤᠯᠠᠭᠠᠨᠪᠠᠭᠠᠲᠤᠷ ᠮᠠᠷᠠᠹᠣᠨ》ᠨᠢ ᠮᠣᠩᠭᠣᠯ ᠤᠯᠤᠰ ᠲᠤ ᠭᠦᠶᠦᠯᠲᠡ ᠶᠢᠨ ᠰᠫᠣᠷᠲ ᠢ ᠬᠥᠭᠵᠢᠭᠦᠯᠬᠦ᠂ ᠭᠦᠶᠦᠯᠲᠡ ᠪᠡᠷ ᠬᠢᠴᠢᠶᠡᠯᠯᠡᠭᠴᠢ᠂ ᠰᠣᠨᠢᠷᠬᠠᠭᠴᠢ ᠢᠷᠭᠡᠳ ᠦᠨ ᠲᠣᠭ᠎ᠠ ᠶᠢ ᠨᠡᠮᠡᠭᠳᠡᠭᠦᠯᠬᠦ᠂ ᠥᠰᠪᠦᠷᠢ᠂ ᠵᠠᠯᠠᠭᠤ ᠦᠶ᠎ᠡ ᠶᠢᠨ ᠬᠢᠨ ᠳᠦ ᠥᠪᠡᠷ ᠦᠨ ᠳᠣᠲᠣᠭᠠᠳᠤ ᠨᠥᠭᠡᠴᠡ ᠪᠣᠯᠤᠮᠵᠢ ᠶᠢ ᠨᠡᠭᠡᠭᠡᠵᠦ᠂ ᠲᠡᠰᠪᠦᠷᠢ ᠬᠠᠲᠠᠭᠤᠵᠢᠯ᠂ ᠪᠡᠶ᠎ᠡ ᠪᠢᠯᠳᠠᠷ ᠤᠨ ᠪᠣᠯᠤᠨ ᠣᠶᠤᠨ ᠰᠠᠨᠠᠭᠠᠨ ᠤ ᠥᠪ ᠲᠡᠭᠰᠢ ᠬᠦᠮᠦᠵᠢᠯ ᠢ ᠲᠥᠯᠦᠪᠰᠢᠭᠦᠯᠬᠦ᠂ ᠢᠷᠭᠡᠳ ᠢ ᠡᠳᠦᠷ ᠲᠤᠲᠤᠮ ᠤᠨ ᠪᠡᠶ᠎ᠡ ᠶᠢᠨ ᠲᠠᠮᠢᠷ ᠢᠶᠠᠷ ᠬᠢᠴᠢᠶᠡᠯᠯᠡᠬᠦ ᠢᠳᠡᠪᠬᠢ ᠰᠠᠨᠠᠭᠠᠴᠢᠯᠭ᠎ᠠ ᠶᠢ ᠳᠠᠮᠵᠢᠬᠦ ᠵᠤᠷᠢᠯᠭ᠎ᠠ ᠲᠠᠢ ᠃