ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠦᠯᠰᠦ᠋ᠬᠡ ᠶᠡᠬᠡ ᠪᠷᠢᠲ᠋ᠠᠨ ᠤ ᠤᠮᠠᠷᠠᠳᠤ ᠠᠢᠷᠯᠠᠨᠳ᠋ ᠤᠨ ᠨᠢᠭᠡᠲᠦᠭᠰᠡᠨ ᠸᠠᠩᠲᠤ ᠤᠯᠤᠰ ᠤᠨ ᠨᠡᠢᠰᠯᠡᠯ ᠯᠣᠨᠳᠣᠨ ᠬᠤᠲᠠ ᠳᠤ ᠠᠵᠢᠯᠯᠠᠬᠤ ᠦᠶ᠎ᠡ ᠪᠡᠷ ᠢᠶᠡᠨ《ᠶᠡᠷᠦᠩᠬᠡᠶᠢᠯᠡᠭᠴᠢ ᠶᠢᠨ ᠢᠯᠡᠭᠡᠯᠲᠡ-2100》 ᠬᠥᠲᠥᠯᠪᠦᠷᠢ ᠶᠢᠨ ᠬᠦᠷᠢᠶᠡᠨ ᠳᠦ ᠲᠡᠨᠳᠡ ᠰᠤᠷᠤᠯᠴᠠᠵᠤ ᠪᠤᠢ ᠣᠶᠤᠲᠠᠨ ᠵᠠᠯᠠᠭᠤᠰ ᠲᠠᠢ ᠮᠣᠩᠭᠣᠯ ᠤᠯᠤᠰ ᠤᠨ ᠡᠯᠴᠢᠨ ᠰᠠᠢᠳ ᠤᠨ ᠶᠠᠮᠤᠨ ᠍ ᠳᠦ ᠠᠭᠤᠯᠵᠠᠯ᠎ᠠ᠃
ᠶᠡᠷᠦᠩᠬᠡᠢᠯᠡᠭᠴᠢ ᠬᠥᠲᠥᠯᠪᠦᠷᠢ ᠶᠢᠨ ᠳᠠᠭᠠᠤ ᠲᠡᠨᠳᠡ 29 ᠣᠶᠤᠲᠠᠨ᠂ ᠡᠭᠦᠨ ᠡᠴᠡ 15 ᠣᠶᠤᠲᠠᠨ ᠳᠡᠯᠡᠬᠡᠢ ᠶᠢᠨ ᠰᠢᠯᠢᠳᠡᠭ 100 ᠶᠡᠬᠡ ᠰᠤᠷᠭᠠᠭᠤᠯᠢ ᠶᠢᠨ ᠨᠢᠭᠡ ᠪᠷᠢᠰᠲ᠋ᠣᠯ ᠤᠨ ᠶᠡᠬᠡ ᠰᠤᠷᠭᠠᠭᠤᠯᠢ ᠳᠤ ᠰᠤᠷᠤᠯᠴᠠᠵᠤ ᠪᠠᠢᠨ᠎ᠠ᠃ ᠵᠠᠯᠠᠭᠤᠰ ᠥᠪᠡᠷ ᠦᠨ ᠰᠣᠨᠢᠷᠬᠠᠭᠰᠠᠨ ᠪᠣᠯᠤᠨ ᠡᠬᠡ ᠣᠷᠣᠨ ᠳᠤ ᠪᠠᠨ ᠬᠡᠷᠡᠭᠴᠡᠭᠡᠲᠦ ᠮᠡᠷᠭᠡᠵᠢᠯ ᠢᠶᠡᠷ ᠭᠠᠳᠠᠭᠠᠳᠤ ᠶᠢᠨ ᠶᠡᠬᠡ ᠰᠤᠷᠭᠠᠭᠤᠯᠢ ᠳᠤ ᠰᠤᠷᠤᠯᠴᠠᠬᠤ ᠪᠣᠯᠤᠮᠵᠢ ᠨᠡᠮᠡᠭᠳᠡᠵᠦ ᠪᠤᠢ ᠳᠤ ᠮᠣᠩᠭᠣᠯ ᠤᠯᠤᠰ ᠤᠨ ᠶᠡᠷᠦᠩᠬᠡᠶᠢᠯᠡᠭᠴᠢ ᠰᠡᠳᠬᠢᠯ ᠬᠠᠩᠭᠠᠯᠤᠭᠤᠨ ᠪᠠᠶᠢᠭ᠎ᠠ ᠪᠠᠨ ᠬᠡᠯᠡᠯ᠎ᠡ᠃
ᠬᠢᠯᠢ ᠶᠢᠨ ᠴᠢᠨᠠᠳᠤ ᠳᠤ ᠰᠤᠷᠤᠯᠴᠠᠬᠤ ᠬᠤᠭᠤᠴᠠᠭᠠᠨ ᠳᠤ ᠪᠠᠨ ᠮᠣᠩᠭᠣᠯ ᠤᠯᠤᠰ ᠢᠶᠠᠨ ᠲᠥᠯᠦᠭᠡᠯᠡᠵᠦ ᠪᠤᠢ ᠪᠠᠨ ᠦᠷᠭᠦᠯᠵᠢ ᠰᠠᠨᠠᠵᠤ᠂ ᠡᠬᠡ ᠣᠷᠣᠨ ᠤ ᠪᠠᠨ ᠨᠡᠷ᠎ᠡ ᠶᠢ ᠥᠨᠳᠥᠷ ᠲᠦ ᠡᠷᠭᠦᠵᠦ᠂ ᠮᠣᠩᠭᠣᠯ ᠬᠦᠮᠦᠨ ᠦ ᠣᠶᠤᠨ ᠤ ᠨᠥᠭᠡᠴᠡ ᠪᠣᠯᠤᠯᠴᠠᠭ᠎ᠠ ᠶᠢ ᠪᠦᠷᠢᠨ ᠠᠰᠢᠭᠯᠠᠵᠤ᠂ ᠬᠢᠴᠢᠶᠡᠯ ᠵᠢᠳᠬᠦᠯ ᠭᠠᠷᠭᠠᠨ ᠰᠤᠷᠤᠯᠴᠠᠬᠤ ᠶᠢ ᠲᠡᠷᠡ ᠮᠦᠨ ᠵᠠᠬᠢᠯ᠎ᠠ᠃