ᠹᠷᠠᠨᠼᠢ ᠶᠢᠨ ᠶᠡᠷᠦᠩᠬᠡᠶᠢᠯᠡᠭᠴᠢ ᠮᠠᠺᠷᠣᠨ ᠲᠥᠷᠥ ᠶᠢᠨ ᠠᠶᠢᠯᠴᠢᠯᠠᠯ ᠬᠢᠨ᠎ᠡ | News.MN

ᠹᠷᠠᠨᠼᠢ ᠶᠢᠨ ᠶᠡᠷᠦᠩᠬᠡᠶᠢᠯᠡᠭᠴᠢ ᠮᠠᠺᠷᠣᠨ ᠲᠥᠷᠥ ᠶᠢᠨ ᠠᠶᠢᠯᠴᠢᠯᠠᠯ ᠬᠢᠨ᠎ᠡ

ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠶᠢᠨ ᠤᠷᠢᠯᠭ᠎ᠠ ᠪᠠᠷ ᠪᠦᠭᠦᠳᠡ ᠨᠠᠶᠢᠷᠠᠮᠳᠠᠬᠤ ᠹᠷᠠᠨᠼᠢ ᠤᠯᠤᠰ ᠤᠨ ᠶᠡᠷᠦᠩᠬᠡᠶᠢᠯᠡᠭᠴᠢ ᠮᠠᠺᠷᠣᠨ ᠮᠣᠩᠭᠣᠯ ᠤᠯᠤᠰ ᠲᠤ 05 ᠳ᠋ᠤᠭᠠᠷ ᠰᠠᠷ᠎ᠠ ᠶᠢᠨ 21-22  ᠤ ᠡᠳᠦᠷ ᠦᠳ ᠲᠦ ᠲᠥᠷᠥ ᠶᠢᠨ ᠠᠶᠢᠯᠴᠢᠯᠠᠯ ᠬᠢᠨ᠎ᠡ᠃ ᠲᠤᠰ ᠠᠶᠢᠯᠴᠢᠯᠠᠯ ᠨᠢ ᠹᠷᠠᠨᠼᠢ ᠤᠯᠤᠰ ᠠᠴᠠ ᠲᠥᠷᠥ ᠶᠢᠨ ᠲᠡᠷᠢᠭᠦᠨ ᠦ ᠲᠦᠪᠰᠢᠨ ᠳᠦ ᠬᠢᠵᠦ ᠪᠤᠢ ᠠᠩᠬᠠᠨ ᠤ ᠲᠡᠦᠬᠡᠨ ᠠᠶᠢᠯᠴᠢᠯᠠᠯ ᠶᠤᠮ᠃
ᠠᠶᠢᠯᠴᠢᠯᠠᠯ ᠤᠨ ᠦᠶ᠎ᠡ ᠪᠡᠷ ᠬᠤᠶᠠᠷ ᠤᠯᠤᠰ ᠤᠨ ᠶᠡᠷᠦᠩᠬᠡᠢᠯᠡᠭᠴᠢ ᠬᠣᠶᠠᠷ ᠣᠷᠣᠨ ᠤ ᠬᠠᠷᠢᠯᠴᠠᠭ᠎ᠠ ᠶᠢ ᠱᠠᠲᠤ ᠠᠬᠢᠭᠤᠯᠬᠤ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ᠂ ᠡᠳ᠋  ᠦᠨ ᠵᠠᠰᠠᠭ᠂ ᠬᠥᠷᠥᠩᠭᠡ ᠣᠷᠣᠭᠤᠯᠤᠯᠲᠠ ᠶᠢ ᠨᠡᠮᠡᠭᠳᠡᠭᠦᠯᠬᠦ ᠴᠢᠭᠯᠡᠯ ᠢᠶᠡᠷ ᠪᠣᠯᠤᠨ ᠣᠯᠠᠨ ᠤᠯᠤᠰ ᠤᠨ ᠬᠠᠷᠢᠯᠴᠠᠭᠠᠨ ᠤ ᠵᠠᠷᠢᠮ ᠠᠰᠠᠭᠤᠳᠠᠯ ᠢᠶᠠᠷ ᠶᠠᠷᠢᠯᠴᠠᠨ᠎ᠠ᠃ ᠮᠥᠨ ᠬᠣᠶᠠᠷ ᠤᠯᠤᠰ ᠤᠨ ᠬᠠᠷᠢᠯᠴᠠᠭ᠎ᠠ ᠶᠢ ᠨᠣᠭᠣᠭᠠᠨ ᠡᠷᠴᠢᠮ ᠬᠦᠴᠦ᠂ ᠵᠠᠮ ᠲᠡᠭᠡᠭᠡᠪᠦᠷᠢ᠂ ᠡᠷᠡᠭᠦᠯ ᠮᠡᠨᠳᠦ᠂ ᠬᠥᠳᠡᠭᠡ ᠠᠵᠤ ᠠᠬᠤᠢ᠂ ᠰᠤᠶᠤᠯ ᠪᠣᠯᠪᠠᠰᠤᠷᠠᠯ᠂ ᠬᠦᠮᠦᠯᠢᠭ ᠵᠡᠷᠭᠡ ᠰᠠᠯᠪᠤᠷᠢ ᠳᠤ ᠲᠡᠯᠡᠵᠦ᠂ ᠬᠠᠷᠢᠯᠴᠠᠨ ᠠᠰᠢᠭᠲᠠᠢ ᠬᠠᠮᠲᠤᠷᠠᠭᠰᠠᠨ ᠲᠥᠰᠥᠯ ᠦᠳ ᠬᠡᠷᠡᠭᠵᠢᠭᠦᠯᠬᠦ ᠲᠠᠯ᠎ᠠ ᠪᠠᠷ ᠰᠠᠨᠠᠯ ᠰᠣᠯᠢᠯᠴᠠᠨ᠎ᠠ᠃

ᠰᠡᠳᠬᠢᠭᠳᠡᠯ ᠦᠯᠡᠳᠡᠭᠡᠬᠦ