ᠪᠣᠭᠳᠠ ᠶᠢᠨ ᠮᠦᠽᠧᠢ ᠶᠢ ᠡᠨᠡᠳᠬᠡᠭ ᠲᠡᠢ ᠬᠠᠮᠲᠤᠷᠠᠨ ᠰᠡᠷᠭᠦᠭᠡᠨ ᠵᠠᠰᠠᠪᠤᠷᠢᠯᠠᠨ᠎ᠠ | News.MN

ᠪᠣᠭᠳᠠ ᠶᠢᠨ ᠮᠦᠽᠧᠢ ᠶᠢ ᠡᠨᠡᠳᠬᠡᠭ ᠲᠡᠢ ᠬᠠᠮᠲᠤᠷᠠᠨ ᠰᠡᠷᠭᠦᠭᠡᠨ ᠵᠠᠰᠠᠪᠤᠷᠢᠯᠠᠨ᠎ᠠ

ᠰᠤᠶᠤᠯ ᠤᠨ ᠰᠠᠶᠢᠳ ᠴ∙ᠨᠣᠮᠢᠨ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠮ∙ ᠫ∙ᠰᠢᠩᠾ ᠢ ᠰᠤᠶᠤᠯ ᠤᠨ ᠶᠠᠮᠤᠨ ᠳᠤ ᠥᠨᠥᠳᠥᠷ ᠬᠦᠯᠢᠶᠡᠨ ᠠᠪᠴᠤ ᠠᠭᠤᠯᠵᠠᠯ᠎ᠠ᠃
ᠠᠭᠤᠯᠵᠠᠯᠲᠠ ᠶᠢᠨ ᠡᠬᠢᠨ ᠳᠦ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠲᠠᠢ ᠬᠡᠷᠡᠭᠵᠢᠭᠦᠯᠵᠦ ᠪᠤᠢ ᠰᠤᠶᠤᠯ ᠤᠨ ᠬᠠᠮᠲᠤ ᠶᠢᠨ ᠠᠵᠢᠯᠯᠠᠭᠠᠨ ᠤ ᠬᠦᠷᠢᠶᠡᠨ ᠳᠦ ᠤᠷᠠᠯᠢᠭ᠂ ᠤᠷᠠᠨ ᠪᠦᠲᠦᠭᠡᠯ᠂ ᠤᠳᠬ᠎ᠠ ᠵᠣᠬᠢᠶᠠᠯ ᠤᠨ ᠠᠵᠢᠯᠲᠠᠳ ᠢ ᠬᠠᠮᠤᠷᠤᠭᠰᠠᠨ ᠣᠯᠠᠨ ᠤᠯᠤᠰ ᠤᠨ ᠹᠧᠰᠲ᠋ᠢᠸᠠᠯ᠂ ᠹᠣᠷᠣᠮ ᠵᠣᠬᠢᠶᠠᠨ ᠪᠠᠶᠢᠭᠤᠯᠵᠤ ᠪᠠᠶᠢᠭ᠎ᠠ ᠶᠢ ᠲᠠᠯ᠎ᠠ ᠨᠤᠭᠤᠳ ᠣᠨᠴᠠᠯᠠᠨ ᠲᠡᠮᠳᠡᠭᠯᠡᠭᠡᠳ᠂ ᠴᠠᠭᠠᠰᠢᠳᠠ ᠬᠠᠮᠲᠤᠷᠠᠵᠤ ᠬᠡᠷᠡᠭᠵᠢᠭᠦᠯᠬᠦ ᠠᠵᠢᠯ ᠤᠨ ᠲᠠᠯ᠎ᠠ ᠪᠠᠷ ᠰᠠᠨᠠᠯ ᠰᠤᠯᠢᠯᠴᠠᠪᠠ᠃
ᠲᠤᠬᠠᠶᠢᠯᠠᠪᠠᠯ᠂ ᠰᠤᠶᠤᠯ ᠤᠨ ᠰᠠᠶᠢᠳ ᠴ∙ᠨᠣᠮᠢᠨ ᠲᠡᠦᠬᠡ᠂ ᠰᠤᠶᠤᠯ ᠤᠨ ᠳᠤᠷᠠᠰᠬᠠᠯᠲᠤ ᠮᠡᠷᠭᠡᠵᠢᠯ ᠦᠨ ᠤᠷᠠᠯᠢᠭ ᠤᠨ ᠪᠣᠯᠤᠨ ᠲᠡᠦᠬᠡᠨ᠂ ᠠᠷᠬᠢᠲ᠋ᠧᠺᠲ᠋ᠣᠷ ᠤᠨ ᠪᠠᠷᠢᠯᠭ᠎ᠠ᠂ ᠮᠦᠽᠧᠢ ᠶᠢ ᠵᠠᠰᠠᠪᠤᠷᠢᠯᠠᠬᠤ ᠠᠵᠢᠯ ᠤᠳ ᠢ ᠡᠬᠢᠯᠡᠭᠦᠯᠦᠭᠰᠡᠨ ᠪᠠ ᠣᠯᠠᠨ ᠤᠯᠤᠰ ᠤᠨ ᠲᠤᠷᠰᠢᠯᠭ᠎ᠠ ᠲᠠᠢ ᠰᠡᠷᠭᠦᠭᠡᠨ ᠵᠠᠰᠠᠪᠤᠷᠢᠯᠠᠭᠴᠢᠳ ᠤᠨ ᠰᠤᠳᠤᠯᠭᠠᠨ᠂ ᠲᠥᠯᠦᠪᠯᠡᠭᠡᠨ ᠳᠦ ᠦᠨᠳᠦᠰᠦᠯᠡᠨ ᠬᠢᠵᠦ ᠪᠠᠶᠢᠭ᠎ᠠ ᠶᠤᠮ᠃ ᠲᠡᠶᠢᠮᠦ ᠡᠴᠡ ᠡᠨᠡ ᠲᠠᠯ᠎ᠠ ᠳᠡᠭᠡᠷ᠎ᠡ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠲᠠᠢ ᠬᠠᠮᠲᠤ ᠶᠢᠨ ᠠᠵᠢᠯᠯᠠᠭ᠎ᠠ ᠪᠠᠨ ᠥᠷᠭᠡᠵᠢᠭᠦᠯᠬᠦ ᠬᠦᠰᠡᠯ ᠲᠡᠢ ᠪᠤᠢ ᠪᠠᠨ ᠢᠯᠡᠷᠬᠡᠶᠢᠯᠡᠪᠡ᠃

ᠪᠣᠭᠳᠠ ᠬᠠᠭᠠᠨ ᠤ ᠣᠷᠳᠣᠨ ᠮᠦᠽᠧᠢ ᠶᠢ ᠵᠠᠰᠠᠪᠤᠷᠢᠯᠠᠬᠤ ᠳᠤ 2.6 ᠲᠡᠷᠪᠤᠮ ᠲᠥᠭᠥᠷᠢᠭ ᠢ ᠲᠥᠰᠥᠪ ᠲᠦ ᠰᠠᠭᠤᠯᠭᠠᠭᠰᠠᠨ ᠪᠥᠭᠡᠳ ᠰᠡᠭᠦᠯ ᠦᠨ ᠨᠢᠭᠡ ᠵᠢᠯ ᠦᠨ ᠬᠤᠭᠤᠴᠠᠭᠠᠨ ᠳᠤ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠪᠣᠯᠤᠨ ᠪᠦᠭᠦᠳᠡ ᠨᠠᠢᠷᠠᠮᠳᠠᠬᠤ ᠰᠤᠯᠤᠩᠭᠤᠰ ᠤᠨ ᠮᠡᠷᠭᠡᠵᠢᠯ ᠦᠨ ᠰᠡᠷᠭᠦᠭᠡᠨ ᠵᠠᠰᠠᠪᠤᠷᠢᠯᠠᠭᠴᠢᠳ ᠲᠠᠢ ᠬᠠᠮᠲᠤᠷᠠᠵᠤ ᠵᠠᠰᠠᠪᠤᠷᠢᠯᠠᠬᠤ ᠰᠤᠳᠤᠯᠭ᠎ᠠ ᠶᠢ ᠬᠢᠭᠰᠡᠨ ᠶᠤᠮ᠃ ᠡᠶᠢᠮᠦ ᠳᠦ ᠲᠤᠰ ᠣᠷᠳᠣᠨ ᠮᠦᠽᠧᠢ ᠶᠢ ᠰᠡᠷᠭᠦᠭᠡᠨ ᠵᠠᠰᠠᠪᠤᠷᠢᠯᠠᠬᠤ ᠳᠤ ᠪᠠᠨ ᠥᠩᠭᠡᠷᠡᠭᠰᠡᠨ ᠬᠤᠭᠤᠴᠠᠭᠠᠨ ᠤ ᠬᠠᠮᠲᠤ ᠶᠢᠨ ᠠᠵᠢᠯᠯᠠᠭᠠᠨ ᠳᠤ ᠪᠠᠨ ᠦᠨᠳᠦᠰᠦᠯᠡᠨ ᠲᠤᠰ ᠮᠦᠽᠧᠢ ᠶᠢᠨ ᠯᠠᠪᠷᠤᠩ᠂ ᠨᠠᠶᠢᠳᠠᠨ᠂ ᠪᠤᠷᠬᠠᠳ ᠤᠨ ᠰᠦᠮ᠎ᠡ ᠵᠡᠷᠭᠡ ᠶᠢ ᠵᠠᠰᠠᠵᠤ ᠡᠬᠢᠯᠡᠬᠦ ᠪᠡᠷ ᠪᠣᠯᠪᠠ᠃

ᠰᠡᠳᠬᠢᠭᠳᠡᠯ ᠦᠯᠡᠳᠡᠭᠡᠬᠦ