ᠮᠣᠩᠭᠣᠯ ᠬᠡᠯᠡ ᠪᠢᠴᠢᠭ ᠦᠨ ᠰᠢᠯᠭᠠᠯᠲᠠ ᠳᠤ 100 ᠬᠤᠪᠢ ᠶᠢᠨ ᠠᠮᠵᠢᠯᠲᠠ ᠦᠵᠡᠭᠦᠯᠵᠡᠢ | News.MN

ᠮᠣᠩᠭᠣᠯ ᠬᠡᠯᠡ ᠪᠢᠴᠢᠭ ᠦᠨ ᠰᠢᠯᠭᠠᠯᠲᠠ ᠳᠤ 100 ᠬᠤᠪᠢ ᠶᠢᠨ ᠠᠮᠵᠢᠯᠲᠠ ᠦᠵᠡᠭᠦᠯᠵᠡᠢ

ᠶᠡᠬᠡ᠂ ᠳᠡᠭᠡᠳᠦ ᠰᠤᠷᠭᠠᠭᠤᠯᠢ ᠳᠤ ᠡᠯᠰᠡᠨ ᠰᠤᠷᠤᠯᠴᠠᠬᠤ ᠪᠠᠷ ᠪᠦᠷᠢᠳᠬᠡᠭᠦᠯᠦᠭᠰᠡᠨ ᠰᠢᠯᠭᠠᠭᠤᠯᠤᠭᠴᠢ ᠨᠠᠷ《ᠮᠣᠩᠭᠣᠯ ᠬᠡᠯᠡ ᠪᠢᠴᠢᠭ ᠦᠨ ᠰᠢᠯᠭᠠᠯᠲᠠ》 ᠳᠦ ᠵᠠᠪᠠᠯ ᠬᠠᠮᠤᠷᠤᠭᠳᠠᠭᠰᠠᠨ ᠪᠠᠶᠢᠬᠤ ᠶᠣᠰᠣᠲᠠᠢ ᠪᠠᠶᠢᠳᠠᠭ᠃ ᠡᠨᠡ ᠨᠢ ᠡᠬᠡ ᠬᠡᠯᠡᠨ ᠦ ᠪᠣᠯᠪᠠᠰᠤᠷᠠᠯ ᠤᠨ ᠴᠢᠨᠠᠷ᠂ ᠬᠡᠷᠡᠭᠯᠡᠭᠡ᠂ ᠢᠷᠭᠡᠳ ᠦᠨ ᠬᠠᠷᠢᠯᠴᠠᠭᠠᠨ ᠤ ᠰᠤᠶᠤᠯ᠂ ᠡᠬᠡ ᠬᠡᠯᠡᠨ ᠦ ᠳᠠᠷᠬᠠᠯᠠᠭᠠᠨ ᠤ ᠲᠦᠪᠰᠢᠨ ᠢ ᠰᠠᠶᠢᠵᠢᠷᠠᠭᠤᠯᠬᠤ ᠵᠣᠷᠢᠯᠭ᠎ᠠ ᠲᠠᠢ ᠪᠥᠭᠡᠳ ᠮᠣᠩᠭᠣᠯ ᠤᠯᠤᠰ ᠤᠨ ᠵᠠᠰᠠᠭ ᠤᠨ ᠭᠠᠵᠠᠷ ᠤᠨ 37 ᠳ᠋ᠤᠭᠠᠷ ᠲᠣᠭᠲᠠᠭᠠᠯ ᠤᠨ ᠳᠠᠭᠠᠤ ᠬᠡᠷᠡᠭᠵᠢᠵᠦ ᠪᠤᠢ ᠦᠢᠯᠡ ᠠᠵᠢᠯᠯᠠᠭ᠎ᠠ ᠶᠤᠮ᠃
ᠥᠩᠭᠡᠷᠡᠭᠰᠡᠨ ᠰᠠᠷ᠎ᠠ ᠶᠢᠨ 22  ᠳᠦ ᠤᠯᠤᠰ ᠣᠷᠣᠨ ᠳᠠᠶᠠᠭᠠᠷ ᠵᠣᠬᠢᠶᠠᠨ ᠪᠠᠶᠢᠭᠤᠯᠤᠭᠰᠠᠨ ᠳᠡᠭᠡᠷᠡᠬᠢ ᠰᠢᠯᠭᠠᠯᠲᠠ ᠳᠤ ᠰᠡᠯᠡᠩᠭᠡ ᠠᠶᠢᠮᠠᠭ ᠤᠨ ᠰᠦᠬᠡᠪᠠᠭᠠᠲᠤᠷ ᠰᠤᠮᠤ ᠶᠢᠨ ᠶᠡᠷᠦᠩᠬᠡᠢ ᠪᠣᠯᠪᠠᠰᠤᠷᠠᠯ ᠶᠢᠨ  ᠬᠤᠶᠠᠳᠤᠭᠠᠷ ᠰᠤᠷᠭᠠᠭᠤᠯᠢ ᠶᠢᠨ 12 ᠠ᠂ 12 ᠪ ᠠᠩᠬᠢ ᠶᠢᠨ ᠨᠡᠶᠢᠲᠡ 58 ᠰᠤᠷᠤᠭᠴᠢ ᠬᠠᠮᠤᠷᠤᠭᠳᠠᠵᠤ᠂ 100 ᠬᠤᠪᠢ ᠲᠡᠩᠴᠡᠭᠰᠡᠨ ᠪᠠᠶᠢᠨ᠎ᠠ᠃ ᠮᠥᠨ ᠵᠡᠭᠦᠨᠪᠦ᠋ᠷᠢᠨ ᠰᠤᠮᠤ ᠶᠢᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ 12 ᠠ ᠠᠩᠬᠢ ᠶᠢᠨ ᠬᠠᠮᠲᠤ ᠣᠯᠠᠨ 100 ᠬᠤᠪᠢ ᠲᠡᠩᠴᠡᠭᠰᠡᠨ ᠠᠮᠵᠢᠯᠲᠠ ᠶᠢ ᠦᠵᠡᠭᠦᠯᠵᠡᠢ᠃

ᠰᠡᠳᠬᠢᠭᠳᠡᠯ ᠦᠯᠡᠳᠡᠭᠡᠬᠦ