ᠫᠠᠯᠶᠤᠨᠲ᠋ᠤᠯᠤᠭᠢ ᠶᠢᠨ ᠬᠣᠪᠣᠷ ᠣᠯᠳᠠᠪᠤᠷᠢ ᠨᠤᠭᠤᠳ ᠢ ᠬᠤᠳᠠᠯᠳᠤᠬᠤ ᠪᠠᠷ ᠪᠡᠯᠡᠳᠬᠡᠵᠦ ᠪᠠᠢᠵᠠᠢ | News.MN

ᠫᠠᠯᠶᠤᠨᠲ᠋ᠤᠯᠤᠭᠢ ᠶᠢᠨ ᠬᠣᠪᠣᠷ ᠣᠯᠳᠠᠪᠤᠷᠢ ᠨᠤᠭᠤᠳ ᠢ ᠬᠤᠳᠠᠯᠳᠤᠬᠤ ᠪᠠᠷ ᠪᠡᠯᠡᠳᠬᠡᠵᠦ ᠪᠠᠢᠵᠠᠢ

ᠳᠠᠷᠬᠠᠨ-ᠠᠭᠤᠯᠠ ᠠᠶᠢᠮᠠᠭ ᠤᠨ ᠳᠠᠷᠬᠠᠨ ᠰᠤᠮᠤ ᠶᠢᠨ ᠶᠢᠰᠦᠳᠦᠭᠡᠷ ᠪᠠᠭ ᠲᠤ ᠣᠷᠣᠰᠢᠨ ᠰᠠᠭᠤᠬᠤ《ᠮ》ᠨᠢ ᠫᠠᠯᠶᠤᠨᠲ᠋ᠤᠯᠤᠭᠢ ᠶᠢᠨ ᠬᠣᠪᠣᠷ ᠣᠯᠳᠠᠪᠤᠷᠢ ᠪᠣᠯᠬᠤ ᠦᠯᠦᠭ ᠭᠦᠷᠪᠡᠯ ᠦᠨ ᠴᠢᠯᠠᠭᠤᠵᠢᠭᠰᠠᠨ ᠥᠨᠳᠡᠭᠡ᠂ ᠶᠠᠰᠤ ᠨᠤᠭᠤᠳ᠂ ᠣᠯᠠᠨ ᠲᠣᠭᠠᠨ ᠤ ᠠᠮᠢᠲᠠᠳ ᠤᠨ ᠴᠢᠬᠢᠮᠡᠯ᠂ ᠡᠳ᠋ ᠡᠷᠬᠡᠲᠡᠨ ᠨᠦᠭᠦᠳ ᠢ ᠪᠤᠰᠤᠳ ᠲᠤ ᠬᠤᠳᠠᠯᠳᠤᠬᠤ ᠪᠠᠷ ᠪᠡᠯᠡᠳᠬᠡᠵᠦ ᠪᠠᠶᠢᠭᠰᠠᠨ ᠭᠡᠮᠲᠦ ᠬᠡᠷᠡᠭ ᠢ ᠢᠯᠡᠷᠡᠭᠦᠯᠦᠨ᠂ ᠡᠳ᠋ ᠮᠥᠷ ᠦᠨ ᠪᠠᠷᠢᠮᠲᠠ ᠪᠠᠷ ᠬᠤᠷᠢᠶᠠᠨ ᠠᠪᠴᠤ ᠮᠥᠷᠳᠡᠨ ᠰᠢᠯᠭᠠᠬᠤ ᠠᠵᠢᠯᠯᠠᠭ᠎ᠠ ᠶᠠᠪᠤᠭᠤᠯᠵᠤ ᠪᠤᠢ ᠲᠠᠯ᠎ᠠ ᠪᠠᠷ ᠴᠠᠭᠳᠠᠭ᠎ᠠ ᠶᠢᠨ ᠶᠡᠷᠦᠩᠬᠡᠢ ᠭᠠᠵᠠᠷ ᠠᠴᠠ ᠮᠡᠳᠡᠭᠡᠯᠡᠪᠡ᠃
ᠥᠩᠭᠡᠷᠡᠭᠰᠡᠨ ᠭᠤᠷᠪᠠᠳᠤᠭᠠᠷ ᠰᠠᠷ᠎ᠠ ᠳᠤ ᠡᠺᠤᠯᠤᠭᠢ ᠶᠢᠨ ᠴᠠᠭᠳᠠᠭ᠎ᠠ ᠶᠢᠨ ᠠᠯᠪᠠᠨ ᠠᠴᠠ ᠳᠡᠭᠡᠷᠡᠬᠢ ᠣᠯᠳᠠᠪᠤᠷᠢ ᠶᠢ ᠰᠢᠨᠵᠢᠯᠡᠭᠦᠯᠬᠦ ᠪᠡᠷ  ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠫᠠᠯᠶᠤᠨᠲ᠋ᠤᠯᠤᠭᠢ ᠶᠢᠨ ᠬᠦᠷᠢᠶᠡᠯᠡᠩ ᠦᠨ ᠲᠦᠪ ᠲᠦ ᠥᠭᠭᠦᠭᠰᠡᠨ ᠶᠤᠮ᠃ ᠰᠢᠨᠵᠢᠯᠡᠭᠡ ᠪᠡᠷ 15-30 ᠰᠠᠶ᠎ᠠ ᠵᠢᠯ ᠦᠨ ᠡᠮᠦᠨ᠎ᠡ ᠠᠮᠢᠳᠤᠷᠠᠵᠤ ᠪᠠᠶᠢᠭᠰᠠᠨ ᠰᠠᠪᠬᠢᠲᠤ ᠬᠡᠷᠢᠰ  ᠦᠨ ᠮᠥᠴᠢᠨ ᠦ ᠶᠠᠰᠤᠨ ᠤ ᠬᠡᠰᠡᠭ᠂ ᠦᠯᠭᠡ ᠭᠦᠷᠪᠡᠯ ᠦᠨ ᠨᠢᠷᠤᠭᠤᠨ ᠤ ᠦᠶ᠎ᠡ᠂  ᠰᠡᠭᠦᠯ ᠦᠨ ᠦᠶ᠎ᠡ ᠨᠦᠭᠦᠳ᠂ ᠦᠯᠭᠡ ᠭᠦᠷᠪᠡᠯ ᠦᠨ ᠬᠠᠪᠢᠷᠭᠠᠨ ᠤ ᠬᠡᠯᠲᠡᠷᠬᠡᠢ ᠪᠠᠶᠢᠭ᠎ᠠ ᠨᠢ ᠲᠣᠭᠲᠠᠭᠠᠭᠳᠠᠵᠠᠢ᠃

ᠰᠡᠳᠬᠢᠭᠳᠡᠯ ᠦᠯᠡᠳᠡᠭᠡᠬᠦ