《ᠲᠠᠭᠲᠠᠭ᠎ᠠ》ᠬᠡᠪᠯᠡᠯ ᠦᠨ ᠭᠠᠵᠠᠷ ᠤᠨ ᠮᠦ᠋᠂ ᠪᠠᠲᠤᠪᠠᠶᠠᠷ ᠤᠷᠠᠨ ᠪᠦᠲᠦᠭᠡᠯ ᠢᠶᠡᠨ ᠲᠠᠨᠢᠯᠴᠠᠭᠤᠯᠵᠠᠢ | News.MN

《ᠲᠠᠭᠲᠠᠭ᠎ᠠ》ᠬᠡᠪᠯᠡᠯ ᠦᠨ ᠭᠠᠵᠠᠷ ᠤᠨ ᠮᠦ᠋᠂ ᠪᠠᠲᠤᠪᠠᠶᠠᠷ ᠤᠷᠠᠨ ᠪᠦᠲᠦᠭᠡᠯ ᠢᠶᠡᠨ ᠲᠠᠨᠢᠯᠴᠠᠭᠤᠯᠵᠠᠢ

ᠮᠣᠩᠭᠣᠯ ᠤᠯᠤᠰ ᠠᠴᠠ ᠰᠸᠢᠰ ᠤᠨ ᠬᠣᠯᠪᠣᠭᠠᠨ ᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ᠂ ᠪᠠᠽᠧᠯ ᠬᠤᠲᠠ ᠳᠤ ᠦᠢᠯᠡ ᠠᠵᠢᠯᠯᠠᠭ᠎ᠠ ᠶᠠᠪᠤᠭᠤᠯᠳᠠᠭ 《ᠮᠣᠩᠭᠣᠯ ᠭᠡᠷ》ᠰᠤᠶᠤᠯ ᠤᠨ ᠰᠠᠶᠢᠨ ᠳᠤᠷ᠎ᠠ ᠶᠢᠨ ᠪᠠᠶᠢᠭᠤᠯᠤᠯᠭ᠎ᠠ ᠬᠠᠮᠲᠤᠷᠠᠨ ᠵᠣᠬᠢᠶᠠᠯᠴᠢ ᠶᠢᠨ ᠡᠳᠦᠷᠯᠢᠭ ᠠᠷᠭ᠎ᠠ ᠬᠡᠮᠵᠢᠶ᠎ᠡ ᠶᠢ 2023 ᠣᠨ ᠤ 5 ᠳ᠋ᠤᠭᠠᠷ ᠰᠠᠷ᠎ᠠ ᠶᠢᠨ 6 ᠍ ᠤ ᠡᠳᠦᠷ ᠵᠣᠬᠢᠶᠠᠨ ᠪᠠᠶᠢᠭᠤᠯᠵᠠᠢ᠃
ᠡᠨᠡ ᠬᠦ ᠠᠷᠭ᠎ᠠ ᠬᠡᠮᠵᠢᠶᠡᠨ ᠳᠦ ᠮᠣᠩᠭᠣᠯ ᠤᠯᠤᠰ ᠠᠴᠠ ᠬᠦᠷᠦᠯᠴᠡᠨ ᠣᠴᠢᠭᠰᠠᠨ《ᠲᠠᠭᠲᠠᠭ᠎ᠠ》ᠬᠡᠪᠯᠡᠯ ᠦᠨ ᠭᠠᠵᠠᠷ ᠤᠨ ᠣᠷᠴᠢᠭᠤᠯᠤᠭᠴᠢ᠂ ᠢᠷᠠᠭᠤ ᠨᠠᠶᠢᠷᠠᠭᠴᠢ ᠮᠦ᠋᠂ ᠪᠠᠲᠤᠪᠠᠶᠠᠷ ᠣᠷᠣᠯᠴᠠᠵᠤ᠂ ᠬᠢᠲᠠᠳ ᠬᠡᠯᠡᠨ ᠡᠴᠡ ᠬᠥᠷᠪᠡᠭᠦᠯᠦᠭᠰᠡᠨ ᠵᠣᠬᠢᠶᠠᠯ ᠤᠳ ᠢᠶᠠᠨ ᠲᠠᠨᠢᠯᠴᠠᠭᠤᠯᠬᠤ ᠶᠢᠨ ᠵᠡᠷᠭᠡᠴᠡᠭᠡ ᠥᠪᠡᠷ ᠦᠨ ᠢᠷᠠᠭᠤ ᠨᠠᠶᠢᠷᠠᠭ ᠤᠨ ᠳᠡᠭᠡᠵᠢ ᠡᠴᠡ ᠪᠡᠨ ᠢᠷᠭᠡᠳ ᠲᠦ ᠲᠣᠯᠢᠯᠠᠭᠤᠯᠤᠭᠰᠠᠨ ᠪᠠᠶᠢᠨ᠎ᠠ᠃ ᠮᠦ᠋᠂ ᠪᠠᠲᠤᠪᠠᠶᠠᠷ ᠨᠢ ᠤᠷᠠᠨ ᠪᠦᠲᠦᠭᠡᠯ ᠦᠨ 《ᠪᠦᠭᠦᠳᠡ ᠥᠪᠡᠷ ᠦᠨ ᠭᠤᠨᠢᠭ ᠲᠠᠢ》᠂ 《ᠥᠷᠲᠡᠭᠡᠨ ᠳᠡᠭᠡᠷ᠎ᠡ ᠬᠡᠯᠡᠭᠳᠡᠳᠡᠭ ᠦᠭᠡᠰ》᠂ 《ᠲᠩᠷᠢ ᠳᠦ ᠣᠶᠢᠷᠠᠬᠠᠨ ᠳᠠᠭᠤᠯᠠᠵᠤ ᠶᠠᠪᠤᠭ᠎ᠠ ᠬᠦᠮᠦᠨ》ᠵᠡᠷᠭᠡ ᠨᠣᠮ ᠪᠢᠴᠢᠭᠰᠡᠨ ᠦ ᠵᠡᠷᠭᠡᠴᠡᠭᠡ ᠬᠢᠲᠠᠳ ᠤᠨ ᠵᠣᠬᠢᠶᠠᠯᠴᠢ ᠢᠤᠢ ᠬᠤᠸᠠ ᠶᠢᠨ《ᠠᠮᠢᠳᠤᠷᠠᠬᠤᠢ》᠂《ᠴᠢᠰᠤ ᠪᠠᠨ ᠬᠤᠳᠠᠯᠳᠤᠭᠰᠠᠨ ᠲᠡᠮᠳᠡᠭᠯᠡᠯ》᠂  ᠶᠠᠨ ᠯᠢᠶᠠᠨ ᠺᠸ ᠦᠨ《ᠳ᠋ᠢᠩ ᠲᠣᠰᠬᠣᠨ ᠤ ᠵᠡᠭᠦᠳᠦ》ᠷᠣᠮᠠᠨ ᠢ ᠣᠷᠴᠢᠭᠤᠯᠤᠭᠰᠠᠨ ᠶᠤᠮ᠃

ᠰᠡᠳᠬᠢᠭᠳᠡᠯ ᠦᠯᠡᠳᠡᠭᠡᠬᠦ